ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠯᠤᠭ᠎ᠠ ᠬᠠᠮᠲᠤᠷᠠᠭᠰᠠᠨ ᠰᠤᠷᠤᠯᠴᠠᠯᠭ᠎ᠠ ᠶᠢᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/6/3
        5 ᠳ᠋ᠤᠭᠠᠷ ᠰᠠᠷ᠎ᠠ ᠶᠢᠨ 30 ᠤ ᠡᠳᠦᠷ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ  ᠯᠤᠭ᠎ᠠ ᠬᠠᠮᠲᠤᠷᠠᠭᠰᠠᠨ ᠰᠤᠷᠤᠯᠴᠠᠯᠭ᠎ᠠ ᠶᠢᠨ ᠬᠤᠷᠠᠯ ᠥᠷᠨᠢᠭᠦᠯᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠠᠢ ᠯᠢᠶᠠᠨ ᠢᠦᠢ ᠶᠢᠨ ᠨᠠᠶᠢᠳᠠᠯᠭ᠎ᠠ ᠪᠠᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠰᠤᠷᠤᠯᠴᠠᠯᠭ᠎ᠠ ᠶᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠱᠢ ᠵᠥᠩ ᠴᠢᠨ ᠪᠣᠯᠤᠨ ᠰᠢᠭᠤᠶᠢᠲᠤ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠨᠢᠤ ᠪᠢᠶᠤᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠬᠠᠶ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠶ ᠰᠢᠶᠠᠩ ᠭᠦᠩ ᠵᠢᠴᠢ ᠬᠤᠶᠠᠷ ᠨᠢᠭᠡᠴᠢ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃        ᠬᠤᠷᠠᠯ ᠳᠡᠭᠡᠷ᠎ᠡ᠂ ᠱᠢ ᠵᠦᠩ ᠴᠢᠨ᠂ ᠯᠢᠦ ᠪᠢᠨ ᠬᠤᠸᠠ᠂ ᠸᠠᠩ ᠡᠾᠦ᠋ᠢ ᠳ᠋ᠦᠩ᠂ ᠯᠢᠦ ᠯᠢ ᠸᠧᠨ᠂ ᠵᠠᠩ ᠬᠠᠢ᠂ ᠪᠠᠢ ᠰᠢᠶᠠᠩ ᠬᠥᠩ᠂ ᠰᠦᠩ ᠵᠤᠤ ᠬᠤᠸᠠ᠂ ᠮᠠ ᠪᠢᠨ ᠲᠤᠰ ᠲᠤᠰ ᠤᠨ ᠪᠣᠳᠣᠯᠬᠢᠯᠠᠯ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠭᠤᠣᠯ ᠳᠤᠭᠤᠶᠢᠯᠠᠩ ᠤᠨ ᠭᠡᠰᠢᠭᠦᠨ ᠪᠢᠴᠢᠭ ᠤᠨ ᠮᠠᠲ᠋ᠧᠷᠢᠶᠠᠯ ᠳᠡᠪᠰᠢᠭᠦᠯᠵᠡᠢ᠃        ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ︽ᠬᠤᠶᠠᠷ ᠢ ᠲᠣᠭᠲᠠᠭᠠᠬᠤ︾ ᠶᠢ ᠰᠢᠯᠭᠠᠨ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠴᠢᠬᠤᠯᠠ ᠪᠠᠷᠢᠮᠵᠢᠶ᠎ᠠ ᠪᠣᠯᠭᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠪᠠᠷ ᠴᠢᠨᠠᠷ ᠰᠠᠶᠢᠲᠠᠢ ᠬᠥᠭᠵᠢᠯᠲᠡ ᠶᠢᠨ ᠰᠠᠶᠢᠨ ᠦᠢᠯᠡᠳᠦᠯᠭᠡᠵᠢᠭᠦᠯᠦᠭᠴᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠪᠠᠷ ᠭᠠᠷᠳᠠᠴᠠ ᠪᠣᠯᠭᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ︽ᠭᠤᠷᠪᠠ ᠠᠴᠠ ᠬᠤᠶᠠᠷ ᠢ ᠡᠷᠢᠬᠦ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠶᠢᠨ ᠤᠳᠤᠷᠢᠳᠤᠮᠵᠢ ᠶᠢ ᠦᠷᠭᠦᠯᠵᠢᠯᠡᠨ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠥᠭᠵᠢᠯᠲᠡ ᠶᠢᠨ ᠰᠢᠮᠡᠳᠦ ᠬᠥᠷᠥᠰᠥ ᠶᠢ ᠲᠠᠰᠤᠷᠠᠯᠲᠠ ᠦᠭᠡᠢ ᠵᠤᠵᠠᠭᠠᠳᠬᠠᠵᠤ᠂ ᠮᠠᠭᠲᠠᠭᠠᠯ ᠰᠠᠶᠢᠰᠢᠶᠠᠯ ᠲᠠᠢ  ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢᠶᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠢᠮᠠᠭᠲᠠ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠤᠯᠠᠨ ᠲᠦᠮᠡᠨ ᠤ ᠰᠡᠳᠬᠢᠯ ᠤᠨ ᠦᠭᠡ ᠶᠢ ᠰᠣᠨᠣᠰᠴᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ ᠵᠢᠭᠤᠯᠴᠢᠯᠠᠯ ᠵᠡᠷᠭᠡ ᠠᠷᠠᠳ ᠤᠨ ᠠᠮᠢᠳᠤᠷᠠᠯ ᠤᠨ ︽ᠪᠠᠭ᠎ᠠ ᠵᠦᠢᠯ︾ ᠠᠴᠠ ᠬᠦᠴᠦᠯᠡᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠢᠢᠳᠪᠦᠷᠢᠯᠡᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠠᠷᠠᠳ ᠤᠯᠠᠨ ᠤ ᠴᠢᠩ ᠰᠡᠳᠬᠢᠯ ᠤᠨ ᠬᠦᠷᠢᠶᠡᠯᠡᠯ ᠢ ᠤᠯᠬᠤ ᠬᠡᠷᠡᠭᠲᠡᠢ᠃ ᠡᠶᠢᠮᠦᠷᠬᠦᠦ ᠴᠤᠭ ᠪᠠᠳᠠᠷᠠᠩᠭᠤᠶ ᠥᠭᠡᠳᠡᠯᠡᠨ ᠲᠠᠪᠰᠢᠬᠤ ᠴᠤᠭ ᠰᠦᠯᠳᠡ ᠶᠢ ᠢᠮᠠᠭᠲᠠ ᠪᠠᠷᠢᠮᠲᠠᠯᠠᠵᠤ᠂ ︽ᠪᠤᠢ ᠪᠣᠯᠭᠠᠬᠤ ᠳᠡᠭᠡᠭᠰᠢᠯᠡᠭᠦᠯᠬᠦ  ᠴᠢᠷᠮᠠᠶᠢᠬᠤ ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠺᠠᠳ᠋ᠷᠴᠤᠳ ᠤᠨ ᠬᠤᠷᠢᠭ᠎ᠠ ᠱᠤᠭᠤᠮ ᠢ ᠰᠠᠬᠢᠬᠤ ᠂ ᠲᠡᠷᠢᠭᠦᠨ ᠳᠤ ᠣᠷᠣᠬᠤ ᠪᠠᠷ ᠴᠢᠷᠮᠠᠶᠢᠬᠤ᠂ ᠴᠤᠷ ᠤᠨ ᠭᠠᠭᠴᠠ ᠶᠢ ᠡᠭᠦᠳᠬᠦ ᠴᠤᠭ ᠰᠦᠯᠳᠡ ᠶᠢ ᠢᠮᠠᠭᠲᠠ ᠪᠠᠲᠤᠯᠠᠬᠤ ᠶᠢ ᠬᠦᠲᠦᠯᠦᠨ ᠵᠢᠯᠤᠭᠤᠳᠴᠤ ᠂ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号