ᠰᠢᠭᠤᠶᠢᠲᠤ ᠲᠣᠭᠤᠷᠢᠭ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠡᠵᠡᠨ ᠦᠭᠡᠢ ᠨᠡᠭᠦᠷᠡᠰᠦᠨ ᠴᠢᠯᠠᠭᠤ ᠶᠢ ᠢᠯᠡ ᠨᠡᠢᠲᠡᠯᠡᠬᠦ ᠲᠤᠬᠠᠢ
ᠨᠡᠶᠢᠲᠡᠯᠡᠭᠰᠡᠨ ᠴᠠᠭ᠄
2025/6/4
        ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ  ᠳᠠᠷᠤᠮᠠᠯᠯᠠᠨ ᠲᠠᠷᠬᠠᠭᠠᠭᠰᠠᠨ ︽ᠰᠢᠭᠤᠶᠢᠲᠤ ᠲᠣᠭᠤᠷᠢᠭ ᠤᠨ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠴᠡᠭᠴᠡᠯᠡᠨ ᠠᠰᠢᠭᠯᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ︵  2025 — 2027 ᠣᠨ︶︾ ᠤᠨ ᠱᠠᠭᠠᠷᠳᠠᠯᠭ᠎ᠠ ᠶᠣᠰᠣᠭᠠᠷ᠂ ᠪᠠᠳᠺᠠᠷ ᠰᠦᠮ᠎ᠡ ᠪᠠᠯᠭᠠᠰᠤ᠂ ᠪᠠᠶ ᠬᠤ᠋ ᠭᠸᠦ ᠵᠡᠭᠡᠯᠢ ᠭᠤᠳᠤᠮᠵᠢ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠪᠣᠯᠤᠨ ᠯᠢᠦᠶ ᠶᠤᠸᠠᠨ ᠵᠢᠶᠧ ᠺᠣᠮᠫᠠᠨᠢ ᠨᠡᠭᠦᠷᠡᠰᠦᠨ ᠴᠢᠯᠠᠭᠤᠨ ᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠵᠤ᠂ ᠨᠡᠭᠦᠷᠡᠰᠦᠨ ᠴᠢᠯᠠᠭᠤ ᠣᠪᠣᠭᠠᠯᠠᠬᠤ ᠲᠠᠯᠠᠪᠤᠷ ᠭᠠᠵᠠᠷ ᠤᠨ ᠲᠥᠷᠥᠯ᠂ ᠲᠠᠯᠠᠪᠠᠶ ᠶᠢ ᠵᠢᠭᠰᠠᠭᠠᠨ ᠪᠠᠶᠢᠴᠠᠭᠠᠵᠤ ᠪᠦᠷᠢᠳᠬᠡᠪᠡ᠃ ᠬᠠᠷᠢᠶ᠎ᠠ ᠭᠠᠵᠠᠷ ᠪᠠ ᠯᠢᠦᠶ ᠶᠤᠸᠠᠨ ᠵᠢᠶᠧ ᠺᠣᠮᠫᠠᠨᠢ ᠶᠢᠨ ᠬᠢᠨᠠᠨ ᠬᠠᠷᠭᠤᠭᠤᠯᠤᠭᠰᠠᠨ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠳᠠᠬᠢᠨ ᠬᠢᠨᠠᠯᠲᠠ ᠪᠠᠷ ᠳᠡᠮᠵᠢᠨ᠂ ᠰᠢᠭᠤᠶᠢᠲᠤ ᠲᠣᠭᠤᠷᠢᠭ ᠤᠨ ᠡᠵᠡᠨ ᠥᠬᠡᠶ ᠨᠡᠭᠦᠷᠡᠰᠦᠨ ᠴᠢᠯᠠᠭᠤ ᠣᠪᠣᠭᠠᠯᠠᠬᠤ ᠲᠠᠯᠠᠪᠠᠶ ᠨᠡᠶᠢᠲᠡ 10 ᠪᠠᠶᠢᠵᠤ᠂ ᠣᠲᠣ 10 ᠨᠡᠭᠦᠷᠡᠰᠦᠨ ᠴᠢᠯᠠᠭᠤᠨ ᠤ ᠣᠷᠣᠨ ᠪᠦᠰᠡ ᠶᠢᠨ ᠲᠠᠷᠬᠠᠯᠲᠠ ᠶᠢ ᠵᠠᠷᠯᠠᠨ ᠨᠡᠶᠢᠲᠡᠯᠡᠪᠡ᠃        ᠵᠠᠷᠯᠠᠨ ᠨᠡᠶᠢᠲᠡᠯᠡᠬᠦ ᠬᠤᠭᠤᠴᠠᠭ᠎ᠠ᠄ 2025 ᠣᠨ ᠤ 6 ᠳ᠋ᠤᠭᠠᠷ ᠰᠠᠷ᠎ᠠ ᠶᠢᠨ 5 ᠤ ᠡᠳᠦᠷ ᠠᠴᠠ 2025 ᠣᠨ ᠤ 6 ᠳ᠋ᠤᠭᠠᠷ ᠰᠠᠷ᠎ᠠ ᠶᠢᠨ 11 ᠤ ᠡᠳᠦᠷ ᠪᠣᠯᠲᠠᠯ᠎ᠠ ᠨᠡᠶᠢᠲᠡ 5 ᠠᠵᠢᠯᠯᠠᠬᠤ ᠡᠳᠦᠷ᠃
图片4.png
 
 
ᠢᠷᠡᠯᠲᠡ᠄ ᠰᠢᠭᠤᠶᠢᠲᠤ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号