ᠰᠢᠨ ᠸᠠᠩ ᠨᠡᠶᠢᠭᠡᠮ ᠲᠣᠭᠤᠷᠢᠭ ︽ᠤᠷᠠᠯᠢᠭ ᠨᠡᠶᠢᠭᠡᠮ ᠲᠣᠭᠤᠷᠢᠭ ᠲᠤ ᠣᠷᠣᠵᠤ ᠰᠣᠶᠣᠯ ᠢᠶᠠᠷ ᠰᠡᠳᠭᠢᠯ ᠢ ᠤᠮᠳᠠᠯᠠᠬᠤ︾ ᠤᠷᠠᠨ ᠪᠢᠴᠢᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/5
        ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠣᠶᠢᠷ᠎ᠠ ᠳᠤ᠂ ᠰᠢᠨ ᠸᠠᠩ ᠨᠡᠶᠢᠭᠡᠮ ᠲᠣᠭᠤᠷᠢᠭ ᠤᠨ ᠬᠢᠨ ︽ᠤᠷᠠᠯᠢᠭ ᠨᠡᠶᠢᠭᠡᠮ ᠲᠣᠭᠤᠷᠢᠭ ᠲᠤ ᠣᠷᠣᠵᠤ ᠰᠣᠶᠣᠯ ᠢᠶᠠᠷ ᠰᠡᠳᠭᠢᠯ ᠢ ᠤᠮᠳᠠᠯᠠᠬᠤ︾ ᠤᠷᠠᠨ ᠪᠢᠴᠢᠯᠭᠡ ᠶᠢᠨ ᠠᠵᠢᠯᠯᠠᠭ᠎ᠠ ᠶᠢ ᠨᠠᠷᠢᠨ ᠨᠢᠮᠪᠠᠶ ᠤᠬᠠᠭᠠᠯᠠᠨ ᠰᠡᠳᠦᠬᠦ ᠶᠢᠨ ᠬᠠᠮᠲᠤ ᠡᠷᠭᠢᠯᠡᠵᠦ᠂ ᠮᠠᠰᠢ ᠣᠯᠠᠨ ᠨᠡᠶᠢᠭᠡᠮ ᠲᠣᠭᠤᠷᠢᠭ ᠤᠨ ᠤᠷᠠᠨ ᠪᠢᠴᠢᠯᠭᠡ ᠶᠢᠨ ᠪᠠᠭ᠋ᠠᠲᠠᠳ ᠪᠣᠯᠤᠨ ᠤᠷᠠᠨ ᠪᠢᠴᠢᠯᠭᠡ  ᠰᠤᠷᠬᠤ ᠬᠠᠯᠠᠭᠤᠨ ᠰᠡᠳᠭᠢᠯᠲᠡᠨ ᠤ ᠣᠷᠣᠯᠴᠠᠬᠤ ᠶᠢ ᠲᠡᠳᠡᠨ ᠠᠪᠴᠢᠷᠠᠵᠤ᠂ ᠪᠢᠷ  ᠪᠡᠭᠡ ᠶᠢᠨ ᠦᠨᠦᠷ ᠢ ᠨᠡᠶᠢᠭᠡᠮ ᠲᠣᠭᠤᠷᠢᠭ ᠲᠤ ᠰᠡᠮᠡᠭᠡᠷ ᠳᠡᠯᠭᠡᠷᠡᠭᠦᠯᠪᠡ ᠃        ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠡᠭᠡ ᠶᠢᠨ ᠦᠨᠦᠷ ᠬᠠᠩᠬᠤᠯᠵᠤ᠂ ᠠᠭᠤᠷ ᠠᠮᠢᠰᠬᠤᠯ ᠬᠦᠷ ᠬᠥᠭᠵᠢᠶᠡᠨ ᠲᠠᠢ ᠪᠥᠭᠡᠳ ᠬᠠᠯᠠᠭᠤᠨ ᠳᠤᠯᠠᠭᠠᠨ ᠪᠠᠶᠢᠯ᠎ᠠ᠃ ᠨᠡᠶᠢᠭᠡᠮ ᠲᠣᠭᠤᠷᠢᠭ ᠠᠴᠠ ᠬᠠᠷᠢᠶᠠᠲᠤ ᠲᠣᠭᠤᠷᠢᠭ ᠤᠨ ᠤᠷᠠᠨ ᠪᠢᠴᠢᠯᠭᠡ ᠶᠢᠨ ᠪᠠᠭ᠋ᠠᠲᠠᠨ ᠯᠢ ᠡᠪᠦᠭᠡ ᠶᠢ ᠤᠷᠢᠵᠤ ᠵᠢᠯᠣᠭᠤᠳᠣᠯᠭ᠎ᠠ ᠬᠢᠯᠭᠡᠪᠡ᠃ ᠯᠢ ᠡᠪᠦᠭᠡ ᠡᠩ ᠲᠡᠷᠢᠭᠦᠨ ᠳᠤ ᠰᠠᠭᠤᠭᠠᠯᠢ ᠠᠷᠠᠳ ᠲᠤ ᠤᠷᠠᠨ ᠪᠢᠴᠢᠯᠭᠡ ᠶᠢᠨ ᠲᠡᠦᠬᠡ ᠶᠢᠨ ᠡᠬᠢ ᠰᠤᠷᠪᠤᠯᠵᠢ᠂ ᠦᠨᠳᠦᠰᠦᠨ ᠪᠢᠴᠢᠯᠭᠡ ᠶᠢᠨ ᠠᠷᠭ᠎ᠠ ᠪᠠ ᠪᠢᠴᠢᠯᠭᠡ ᠶᠢᠨ ᠤᠷ᠎ᠠ ᠮᠡᠷᠭᠡᠵᠢᠯ ᠢ ᠨᠠᠷᠢᠨ ᠲᠠᠨᠢᠯᠴᠠᠭᠤᠯᠵᠤ᠂ ᠪᠢᠷ ᠠᠳᠬᠤᠬᠤ ᠳᠦᠷᠰᠦ ᠪᠠᠶᠢᠳᠠᠯ ᠠᠴᠠ ᠪᠢᠷ ᠬᠡᠷᠡᠭᠯᠡᠬᠦ ᠡᠷᠴᠢᠮ ᠬᠦᠷᠲᠡᠯ᠎ᠡ᠂ ᠵᠢᠷᠤᠯᠭ᠎ᠠ ᠶᠢᠨ ᠳᠡᠰ ᠳᠠᠷᠠᠭᠠᠯᠠᠯ ᠠᠴᠠ ᠪᠦᠲᠦᠴᠡ ᠶᠢᠨ ᠪᠠᠶᠢᠷᠢᠰᠢᠭᠤᠯᠤᠯᠲᠠ ᠬᠦᠷᠲᠡᠯ᠎ᠡ ᠨᠠᠷᠢᠨ ᠨᠢᠭᠲᠠ ᠲᠠᠶᠢᠯᠪᠤᠷᠢᠯᠠᠵᠠᠢ᠃ ᠰᠠᠭᠤᠭᠠᠯᠢ ᠠᠷᠠᠳ ᠬᠠᠮᠲᠤ ᠰᠠᠭᠤᠵᠤ᠂ ᠨᠠᠷᠢᠨ ᠬᠢᠨᠠᠮᠠᠭᠠᠢ ᠰᠣᠨᠣᠰᠴᠤ᠂ ᠪᠠᠶᠢᠨ ᠪᠠᠶᠢᠨ ᠠᠰᠠᠭᠤᠳᠠᠯ ᠳᠤᠷᠠᠳᠪᠠᠯ᠂ ᠯᠢ ᠡᠪᠦᠭᠡ ᠴᠥᠮ ᠬᠦᠯᠢᠴᠡᠩᠭᠦᠢ ᠪᠠᠷ ᠨᠢᠭᠡᠳ ᠨᠢᠭᠡ ᠪᠠᠷ ᠬᠠᠷᠢᠭᠤᠯᠲᠠ ᠥᠭᠭᠦᠨ᠎ᠡ ᠃ ᠦᠢᠯᠡᠳᠦᠯᠭᠡ ᠶᠢᠨ ᠶᠠᠪᠤᠴᠠ ᠳᠤ᠂ ᠣᠯᠠᠨ ᠢᠶᠠᠷ ᠢᠶᠠᠨ ᠦᠰᠦᠨ ᠪᠢᠷ ᠢᠶᠠᠨ ᠠᠪᠴᠤ᠂ ᠴᠠᠭᠠᠰᠤᠨ ᠳᠡᠭᠡᠷ᠎ᠡ ᠤᠷ᠎ᠠ ᠠᠪᠢᠶᠠᠰ ᠢᠶᠠᠨ ᠭᠠᠶᠢᠬᠠᠭᠤᠯᠤᠨ᠎ᠠ ᠃ ᠬᠡᠳᠦᠶᠢᠪᠡᠷ ᠰᠠᠭᠤᠭᠠᠯᠢ ᠠᠷᠠᠳ ᠤᠨ ᠤᠷᠠᠨ ᠪᠢᠴᠢᠯᠭᠡ ᠶᠢᠨ ᠬᠢᠷᠢ ᠲᠦᠪᠰᠢᠨ ᠲᠡᠭᠰᠢ ᠦᠭᠡᠢ ᠪᠣᠯᠪᠠᠴᠤ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠵᠤ ᠪᠠᠶᠢᠪᠠ᠃ ᠵᠠᠷᠢᠮ ᠨᠢ ᠤᠷᠠᠨ ᠪᠢᠴᠢᠯᠭᠡ ᠶᠢᠨ ︽ᠬᠠᠰᠢᠷ ᠭᠠᠷ︾᠂ ᠪᠢᠷ ᠤᠨ ᠦᠵᠦᠭᠦᠷ ᠴᠠᠭᠠᠰᠤᠨ ᠳᠡᠭᠡᠷ᠎ᠡ ᠬᠤᠷᠤᠶᠢᠯᠠᠨ᠎ᠠ ︔ ᠵᠠᠷᠢᠮ ᠨᠢ ᠠᠩᠬ᠎ᠠ ᠤᠳᠠᠭ᠎ᠠ ᠦᠰᠦᠨ ᠪᠢᠷ ᠤᠨ ᠤᠷᠠᠨ ᠪᠢᠴᠢᠯᠭᠡ ᠲᠠᠢ ᠣᠶᠢᠷᠠᠲᠤᠵᠤ᠂ ᠣᠯᠠᠨ ᠤ ᠵᠣᠷᠢᠭᠵᠢᠭᠤᠯᠤᠯ ᠳᠣᠤᠷ᠎ᠠ ᠪᠠᠰᠠ ᠵᠣᠷᠢᠭᠲᠠᠶ ᠪᠠᠷ ᠲᠤᠷᠰᠢᠵᠤ᠂ ᠨᠢᠭᠡ ᠨᠢᠭᠡ ᠠᠯᠬᠤᠮ ᠢᠶᠠᠷ ᠨᠠᠷᠢᠨ ᠬᠢᠨᠠᠮᠠᠭᠠᠶ ᠪᠢᠴᠢᠨ᠎ᠡ ᠃
        ᠲᠣᠰ ᠤᠳᠠᠭᠠᠨ ᠤ ᠤᠷᠠᠨ ᠪᠢᠴᠢᠯᠭᠡ ᠶᠢᠨ ᠠᠵᠢᠯᠯᠠᠭ᠎ᠠ ᠪᠣᠯ ᠰᠢᠨ ᠸᠠᠩ ᠨᠡᠶᠢᠭᠡᠮ ᠲᠣᠭᠤᠷᠢᠭ ᠤᠨ ᠭᠦᠨ ᠬᠠᠭᠠᠯᠪᠤᠷᠢᠯᠠᠬᠤ ᠰᠣᠶᠣᠯ ᠤᠨ ᠪᠠᠶᠢᠭᠤᠯᠤᠯᠲᠠ ᠶᠢᠨ ᠠᠮᠢᠳᠤᠯᠢᠭ ᠬᠤᠷᠢᠶᠠᠩᠭᠤᠶ ᠳᠦᠷᠰᠦ ᠮᠥᠨ᠃ ᠠᠵᠢᠯᠯᠠᠭ᠎ᠠ ᠥᠷᠨᠢᠭᠦᠯᠬᠦ ᠪᠠᠷ ᠳᠠᠮᠵᠢᠨ᠂ ᠨᠡᠶᠢᠭᠡᠮ ᠲᠣᠭᠤᠷᠢᠭ ᠤᠨ ᠤᠷᠠᠨ ᠪᠢᠴᠢᠯᠭᠡ ᠶᠢᠨ ᠪᠠᠭ᠋ᠠᠲᠠᠳ ᠲᠤ ᠰᠤᠷᠤᠯᠴᠠᠬᠤ ᠪᠠ ᠰᠣᠯᠢᠯᠴᠠᠬᠤ ᠲᠠᠪᠴᠠᠩ ᠢ ᠪᠠᠶᠢᠭᠤᠯᠵᠤ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠨᠡᠶᠢᠭᠡᠮ ᠲᠣᠭᠤᠷᠢᠭ ᠲᠤ ᠤᠯᠠᠮᠵᠢᠯᠠᠨ ᠪᠠᠳᠠᠷᠠᠭᠤᠯᠵᠤ᠂ ᠰᠣᠶᠣᠯ ᠤᠨ ᠲᠤᠩᠭᠠᠯᠠᠭ ᠪᠤᠯᠠᠭ ᠢᠶᠠᠷ ᠰᠠᠭᠤᠭᠠᠯᠢ ᠠᠷᠠᠳ ᠨᠢᠭᠡᠪᠦᠷᠢ ᠶᠢᠨ ᠰᠡᠳᠬᠢᠯ ᠢ ᠤᠮᠳᠠᠯᠠᠪᠠ᠃ ᠳᠠᠷᠠᠭᠠᠴᠢ ᠶᠢᠨ ᠠᠯᠬᠤᠮ ᠳᠤ᠂ ᠰᠢᠨ ᠸᠠᠩ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠰᠣᠶᠣᠯ ᠢᠶᠠᠷ ᠪᠢᠷ ᠪᠣᠯᠭᠠᠵᠤ᠂ ᠨᠡᠩ ᠤᠯᠠᠨ ᠪᠠᠶᠠᠯᠢᠭ ᠰᠠᠶᠢᠬᠠᠨ ᠨᠡᠶᠢᠭᠡᠮ ᠲᠣᠭᠤᠷᠢᠭ ᠤᠨ ᠠᠵᠢᠯᠯᠠᠭ᠎ᠠ ᠶᠢᠨ ᠬᠠᠭᠤᠳᠠᠰᠤ ᠶᠢ ᠵᠢᠷᠤᠭᠯᠠᠵᠤ᠂ ᠰᠠᠭᠤᠭᠠᠯᠢ ᠠᠷᠠᠳ ᠲᠤ ᠨᠡᠩ ᠬᠠᠯᠠᠭᠤᠨ ᠳᠤᠯᠠᠭᠠᠨ ᠪᠠ ᠠᠭᠤᠯᠤᠭᠳᠠᠬᠤᠨ ᠲᠠᠢ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠵᠤ ᠥᠭᠭᠦᠨ᠎ᠡ ᠃ 
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号