ᠰᠢᠭᠤᠶᠢᠲᠤ ᠵᠡᠭᠡᠯᠢ ᠭᠤᠳᠤᠮᠵᠢ ᠶᠢᠨ ᠬᠠᠯᠠᠭᠤᠨ ᠳᠤᠯᠠᠭᠠᠨ ᠬᠡᠷ ᠣᠷᠣᠨ ᠳᠤ ᠵᠡᠮᠳᠡᠭᠴᠦᠳ ᠤᠨ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠤᠬᠠᠭᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/5
        ᠵᠡᠮᠳᠡᠭᠴᠦᠳ ᠤᠨ ᠭᠡᠷ ᠪᠦᠯᠢ ᠶᠢᠨ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠡᠮᠳᠡᠭᠴᠦᠳ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠶᠢᠨ ᠲᠥᠯᠥᠭᠡ᠂ 2025 ᠣᠨ ᠤ 6 ᠳ᠋ᠤᠭᠠᠷ ᠰᠠᠷ᠎ᠠ ᠶᠢᠨ 3 ᠤ ᠡᠳᠦᠷ ᠰᠢᠭᠤᠶᠢᠲᠤ ᠵᠡᠭᠡᠯᠢ ᠭᠤᠳᠤᠮᠵᠢ ᠶᠢᠨ ᠵᠡᠮᠳᠡᠭᠴᠦᠳ ᠤᠨ ᠬᠤᠯᠪᠣᠭ᠎ᠠ ᠪᠠᠳᠺᠠᠷ ᠰᠦᠮ᠎ᠡ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠮᠲᠤᠷᠠᠨ ᠵᠡᠮᠳᠡᠭᠴᠦᠳ ᠤᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
图片2.png
        ᠠᠵᠢᠯᠯᠠᠭ᠎ᠠ ᠶᠢᠨ ᠳᠤᠮᠳᠠ᠂ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠰᠤᠪᠢᠯᠠᠭᠴᠢᠳ ᠵᠡᠮᠳᠡᠭᠴᠦᠳ ᠤᠨ ᠪᠠᠶᠢᠩᠭᠤ ᠲᠣᠬᠢᠶᠠᠯᠳᠤᠳᠠᠭ ᠡᠷᠡᠭᠦᠯ ᠮᠡᠨᠳᠦ ᠶᠢᠨ ᠠᠰᠠᠭᠤᠳᠠᠯ᠂ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠬᠦ᠂ ᠲᠦᠷᠭᠡᠨ ᠠᠪᠤᠷᠠᠬᠤ ᠮᠡᠳᠡᠯᠭᠡ᠂ ᠡᠷᠡᠭᠦᠯᠵᠢᠯ ᠤᠨ ᠰᠤᠪᠢᠯᠠᠯᠲᠠ ᠵᠡᠷᠭᠡ ᠲᠠᠢ ᠤᠶᠠᠯᠳᠤᠭᠤᠯᠤᠨ ᠤᠬᠠᠭᠤᠯᠭ᠎ᠠ ᠬᠢᠭᠰᠡᠨ ᠪᠥᠭᠡᠳ ᠵᠡᠮᠳᠡᠭᠴᠦᠳ ᠲᠤ ᠭᠡᠷ᠎ᠡ ᠲᠣᠭᠲᠠᠬᠤ ᠶᠢᠨ ᠴᠢᠬᠤᠯᠠ ᠠᠴᠢ ᠬᠤᠯᠪᠣᠭᠳᠠᠯ ᠪᠠ ᠦᠢᠯᠡᠴᠢᠯᠡᠭᠡᠨ ᠤ ᠠᠭᠤᠯᠭ᠎ᠠ ᠶᠢ ᠲᠦᠭᠡᠮᠡᠯᠵᠢᠭᠦᠯᠵᠦ᠂ ᠬᠡᠯᠡᠯᠴᠡᠭᠡᠷ ᠲᠤ ᠬᠠᠮᠤᠷᠤᠭᠰᠠᠨ ᠡᠯ᠎ᠡ ᠵᠦᠢᠯ ᠤᠨ ᠦᠢᠯᠡᠴᠢᠯᠡᠭᠡ ᠶᠢ ᠨᠠᠷᠢᠨ ᠲᠠᠨᠢᠯᠴᠠᠭᠤᠯᠵᠠᠶ ᠂ ᠲᠣᠭᠲᠠᠮᠠᠯ ᠬᠤᠭᠤᠴᠠᠭ᠎ᠠ ᠲᠠᠢ ᠪᠠᠷ ᠳᠠᠭᠠᠵᠤ  ᠰᠣᠷᠪᠤᠯᠵᠢᠯᠠᠬᠤ᠂ ᠠᠮᠢᠳᠤᠷᠠ ᠶᠢᠨ ᠬᠠᠷᠠᠭᠠᠯᠵᠠᠯ᠂ ᠡᠷᠡᠭᠦᠯᠵᠢᠯ ᠤᠨ ᠪᠣᠯᠪᠠᠰᠤᠷᠠᠯ᠂ ᠰᠡᠳᠭᠢᠴᠡ ᠶᠢᠨ  ᠵᠢᠯᠤᠭᠤᠳᠤᠯᠭ᠎ᠠ ᠵᠡᠷᠭᠡ ᠶᠢ ᠪᠠᠭᠲᠠᠭᠠᠨ᠎ᠠ ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 30 ᠭᠠᠷᠤᠶ ᠬᠤᠪᠢ ᠤᠬᠠᠭᠤᠯᠭ᠎ᠠ ᠶᠢᠨ ᠳᠡᠪᠲᠡᠷ ᠲᠠᠷᠬᠠᠭᠠᠪᠠ᠃
图片3.png
        ᠳᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠬᠠᠷᠢᠶ᠎ᠠ ᠲᠣᠭᠤᠷᠢᠭ ᠤᠨ ᠢᠶᠠᠨ ᠵᠡᠮᠳᠡᠭᠴᠦᠳ ᠤᠨ ᠠᠮᠢᠳᠤᠷᠠᠯ ᠤᠨ ᠪᠠᠶᠢᠳᠠᠯ ᠢ ᠲᠠᠰᠤᠷᠠᠯᠲᠠ ᠦᠭᠡᠢ ᠠᠩᠬᠠᠷᠴᠤ᠂ ᠡᠷᠡᠭᠦᠯᠵᠢᠯ ᠤᠨ ᠪᠣᠯᠪᠠᠰᠤᠷᠠᠯ᠂ ᠲᠤᠰᠠᠯᠠᠬᠤ ᠪᠠᠭᠠᠵᠢ ᠶᠢ ᠲᠣᠬᠢᠷᠠᠭᠤᠯᠬᠤ ᠵᠡᠷᠭᠡ ᠠᠵᠢᠯ ᠢ ᠰᠠᠶᠢᠲᠤᠷ ᠠᠳᠬᠤᠵᠤ᠂ ᠵᠡᠮᠳᠡᠭᠴᠦᠳ ᠲᠤ ᠨᠡᠩ ᠴᠢᠨᠠᠷ ᠰᠠᠶᠢᠲᠠᠢ ᠠᠮᠢᠳᠤᠷᠠᠯ ᠢ ᠬᠦᠷᠲᠡᠭᠡᠬᠦ ᠳᠤ ᠬᠦᠴᠦᠨ ᠨᠡᠮᠡᠷᠢᠯᠡᠨ᠎ᠡ᠃ 
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号