ᠰᠢᠭᠤᠶᠢᠳᠤ ᠲᠣᠭᠤᠷᠢᠭ ᠤᠨ ᠰᠢᠭᠤᠶᠢᠲᠤ ᠪᠠᠭ᠎ᠠ ᠰᠤᠷᠭᠠᠭᠤᠯᠢ ᠶᠢᠨ ︽ᠨᠠᠮ ᠤᠨ ᠵᠢᠭᠠᠨ ᠰᠤᠷᠭᠠᠯᠲᠠ ᠶᠢ | ᠪᠠᠲᠤ ᠴᠡᠭᠡᠵᠢᠯᠡᠵᠦ ᠤᠯᠤᠰ ᠢᠶᠠᠨ ᠬᠦᠴᠦᠷᠬᠡᠭᠵᠢᠭᠦᠯᠬᠦ ᠪᠠᠭᠠᠴᠤᠳ ᠪᠣᠯᠬᠤ ᠪᠠᠷ ᠴᠢᠷᠮᠠᠶᠢᠬᠤ︾ ᠪᠠᠭᠠᠴᠤᠳ ᠤᠨ | ᠬᠤᠰᠢᠭᠤᠴᠢ ᠠᠩᠭᠢ ᠳᠤ ᠣᠷᠣᠬᠤ ᠶᠣᠰᠣᠯᠠᠯ ᠲᠡᠭᠦᠰ ᠠᠮᠵᠢᠯᠲᠠ ᠲᠠᠢ ᠶᠠᠪᠤᠭᠳᠠᠪᠠ ᠃ | ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ ᠂ ᠪᠠᠭᠠᠴᠤᠳ ᠤᠨ ᠬᠤᠰᠢᠭᠤᠴᠢ ᠠᠩᠭᠢ ᠶᠢᠨ | ᠭᠡᠰᠢᠭᠦᠳ ᠤᠨ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ ᠶᠢ ᠬᠦᠲᠦᠯᠦᠨ | ᠵᠢᠯᠤᠭᠤᠳᠬᠤ ᠶᠢᠨ ᠲᠦᠯᠦᠭᠡ ᠂ ᠰᠢᠭᠤᠶᠢᠲᠤ ᠲᠣᠭᠤᠷᠢᠭ ᠤᠨ ᠰᠢᠭᠤᠶᠢᠲᠤ ᠪᠠᠭ᠎ᠠ ᠰᠤᠷᠭᠠᠭᠤᠯᠢ ︽6.1︾ ᠠᠴᠠ | ᠡᠮᠦᠨᠡᠬᠡᠨ ᠰᠢᠷᠢᠰ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠦᠭᠰᠡᠨ ᠪᠥᠭᠡᠳ 5 ᠳ᠋ᠤᠭᠠᠷ ᠰᠠᠷ᠎ᠠ ᠶᠢᠨ | 29 ᠤ ᠡᠳᠦᠷ ᠤᠨ ᠦᠳᠡ ᠶᠢᠨ ᠡᠮᠦᠨ᠎ᠡ ᠪᠠᠭᠠᠴᠤᠳ ᠤᠨ ᠬᠤᠰᠢᠭᠤᠴᠢ ᠠᠩᠭᠢ ᠶᠢᠨ ᠰᠢᠨ᠎ᠡ ᠭᠡᠰᠢᠭᠦᠨ ᠢ ᠠᠩᠭᠢ ᠳᠤ | ᠣᠷᠣᠭᠤᠯᠬᠤ ᠶᠣᠰᠣᠯᠠᠯ ᠢ ᠦᠪᠡᠳᠡᠭᠰᠢ ᠶᠡᠭᠡ ᠪᠠᠷ ᠶᠠᠪᠤᠭᠤᠯᠪᠠ᠃ | | ᠶᠣᠰᠣᠯᠠᠯ ᠠᠴᠠ ᠡᠮᠦᠨ᠎ᠡ᠂ ᠰᠤᠷᠭᠠᠭᠤᠯᠢ ᠠᠴᠠ ᠤᠯᠤᠰ ᠤᠨ ᠲᠤᠭ ᠳᠣᠤᠷᠠᠬᠢ ᠶᠠᠷᠢᠶ᠎ᠠ ᠢᠯᠡᠳᠬᠡᠯ ᠪᠠ | ᠭᠤᠤᠯ ᠰᠡᠳᠦᠪᠲᠦ ᠠᠩᠭᠢ ᠶᠢᠨ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠰᠢᠨ᠎ᠡ ᠭᠡᠰᠢᠭᠦᠳ ᠲᠤ ︽ᠤᠯᠠᠭᠠᠨ | ᠪᠦᠴᠡ ︾ ᠶᠢᠨ ᠠᠩᠬᠠᠨ ᠤ ᠲᠣᠪᠴᠢ ᠶᠢ ᠲᠣᠪᠴᠢᠯᠠᠪᠠ ᠃ | | ᠤᠯᠤᠰ ᠤᠨ ᠲᠤᠭ ᠤᠨ ᠳᠣᠤᠷᠠᠬᠢ ᠶᠠᠷᠢᠶ᠎ᠠ ᠢᠯᠡᠳᠬᠡᠯ ᠳᠤᠮᠳᠠ᠂ ᠪᠠᠭᠰᠢ ᠨᠠᠷ ︽ᠰᠢᠨ᠎ᠡ ᠴᠠᠭ ᠦᠶ᠎ᠡ ᠶᠢᠨ | ᠰᠠᠶᠢᠨ ᠭᠡᠰᠢᠭᠦᠨ ᠪᠣᠯᠬᠤ ᠪᠠᠷ ᠴᠢᠷᠮᠠᠶᠢᠬᠤ︾ ᠪᠠᠷ ᠭᠤᠤᠯ ᠰᠡᠳᠦᠪ ᠪᠣᠯᠭᠠᠵᠤ᠂ ᠪᠠᠭᠠᠴᠤᠳ ᠤᠨ ᠬᠤᠰᠢᠭᠤᠴᠢ | ᠠᠩᠭᠢ ᠶᠢᠨ ᠲᠡᠤᠬᠡ ᠪᠠ ᠡᠭᠦᠷᠭᠡ ᠶᠢ ᠶᠠᠷᠢᠵᠤ᠂ ᠰᠤᠷᠤᠭᠴᠢᠳ ᠢ ᠪᠣᠳᠠᠲᠤ ᠠᠵᠢᠯᠯᠠᠭ᠎ᠠ ᠪᠠᠷ ᠢᠶᠠᠨ ᠠᠩᠭᠢ ᠶᠢᠨ | ᠲᠤᠭ ᠲᠤ ᠬᠦᠨᠳᠦᠳᠬᠡᠯ ᠳᠡᠪᠰᠢᠭᠦᠯᠬᠦ ᠶᠢ ᠤᠷᠢᠶᠠᠯᠠᠪᠠ᠃ | | ᠠᠩᠭᠢ ᠶᠢᠨ ᠰᠤᠷᠭᠠᠨ ᠬᠥᠮᠦᠵᠢᠯ ᠤᠨ ᠱᠠᠲᠤᠨ ᠳᠤ ᠰᠤᠷᠤᠭᠴᠢᠳ ᠠᠩᠭᠢ ᠳᠤ ᠣᠷᠣᠬᠤ ᠭᠤᠶᠤᠴᠢᠯᠠᠯ ᠤᠨ | ᠪᠢᠴᠢᠭ ᠢᠶᠠᠨ ᠲᠤᠰᠢᠶᠠᠵᠤ᠂ ︽ᠵᠢᠷᠭᠤᠭ᠎ᠠ ᠶᠢ ᠮᠡᠳᠡᠬᠦ ᠵᠢᠷᠭᠤᠭ᠎ᠠ ᠶᠢ ᠴᠢᠳᠠᠬᠤ ︾ ᠶᠢᠨ ᠦᠨᠳᠦᠰᠦᠨ ᠮᠡᠳᠡᠯᠭᠡ ᠶᠢ | ᠰᠢᠰᠲ᠋ᠧᠮ ᠲᠠᠢ ᠰᠤᠷᠤᠯᠴᠠᠪᠠ᠃ ᠡᠯ᠎ᠡ ᠳᠤᠮᠳᠠ ᠠᠩᠭᠢ ᠶᠢᠨ ᠬᠢᠨ ︽ᠠᠩᠭᠢ ᠶᠢᠨ ᠲᠤᠭ ᠨᠠᠳᠠ ᠲᠠᠢ ᠬᠠᠮᠲᠤ | ᠦᠰᠦᠨ ᠪᠤᠶᠢᠵᠢᠬᠤ︾ ᠭᠤᠤᠯ ᠰᠡᠳᠦᠪᠲᠦ ᠠᠩᠭᠢ ᠶᠢᠨ ᠬᠤᠷᠠᠯ ᠢ ᠥᠷᠨᠢᠭᠦᠯᠬᠦ ᠪᠠᠷ ᠳᠠᠮᠵᠢᠭᠤᠯᠤᠨ᠂ ᠮᠡᠳᠡᠯᠭᠡ ᠶᠢᠨ | ᠠᠰᠠᠭᠤᠯᠲᠠ ᠬᠠᠷᠢᠭᠤᠯᠲᠠ ᠶᠢᠨ ᠤᠷᠤᠯᠳᠤᠭᠠᠨ᠂ ᠤᠯᠠᠭᠠᠨ ᠪᠥᠴᠡᠲᠡᠨ ᠤ ᠥᠯᠢᠭᠡᠷ ᠬᠤᠪᠢᠶᠠᠯᠴᠠᠬᠤ ᠬᠤᠷᠠᠯ᠂ | ᠠᠩᠭᠢ ᠶᠢᠨ ᠳᠠᠭᠤᠤ ᠶᠢᠨ ᠨᠠᠶᠢᠷᠠᠯ ᠳᠠᠭᠤᠤ ᠶᠢᠨ ᠤᠷᠤᠯᠳᠤᠭᠠᠨ ᠵᠡᠷᠭᠡ ᠣᠯᠠᠨ ᠡᠰᠢᠲᠦ ᠬᠡᠯᠪᠡᠷᠢ ᠪᠠᠷ | ᠬᠡᠤᠬᠡᠳ ᠤᠳ ᠢ ᠬᠥᠲᠥᠯᠦᠨ ᠵᠢᠯᠣᠭᠤᠳᠴᠤ ᠪᠠᠶᠢᠭᠠᠳ ︽ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ︾ | ᠤ ᠬᠠᠷᠢᠭᠤᠴᠠᠯᠭ᠎ᠠ ᠡᠭᠦᠷᠭᠡᠯᠡᠯ ᠢ ᠭᠦᠨᠵᠡᠭᠡᠶ ᠣᠶᠢᠯᠠᠭᠠᠭᠤᠯᠵᠤ᠂ ᠤᠯᠠᠭᠠᠨ ᠪᠦᠴᠡ ᠵᠡᠭᠦᠬᠦ ᠢᠷᠠᠭᠤ ᠠᠯᠳᠠᠷᠲᠤ | ᠡᠭᠦᠷᠭᠡ ᠶᠢ ᠮᠡᠳᠡᠷᠡᠭᠦᠯᠵᠦ᠂ ᠬᠤᠪᠢᠰᠬᠠᠯ ᠤᠨ ᠤᠳᠤᠮᠰᠢᠯ ᠢ ᠵᠢᠪᠦᠯᠵᠢᠨ ᠰᠤᠷᠤᠯᠴᠠᠬᠤ ᠳᠤᠮᠳᠠ ᠦᠶ᠎ᠡ ᠶᠢᠨ ᠦᠶ᠎ᠡ ᠳᠤ | ᠤᠯᠠᠮᠵᠢᠯᠠᠭᠤᠯᠪᠠ᠃ | | ᠰᠤᠷᠭᠠᠭᠤᠯᠢ ᠶᠢᠨ ᠨᠠᠮ ᠤᠨ ᠡᠭᠦᠷ ᠤᠨ ᠱᠦᠵᠢ᠂ ᠪᠠᠭᠠᠴᠤᠳ ᠤᠨ ᠠᠵᠢᠯ ᠤᠨ ᠵᠦᠪᠯᠡᠯ ᠤᠨ ᠡᠷᠬᠢᠯᠡᠭᠴᠢ | ᠭᠦᠸᠧ ᠵᠢᠶᠧ᠂ ᠵᠢᠶᠠᠩ ᠭᠤᠸᠠᠩ ᠵᠢᠶᠠᠨ ᠵᠠᠬᠢᠷᠤᠯ᠂ ᠵᠢᠶᠠᠨ ᠬᠤᠩ ᠸᠧᠢ᠂ ᠬᠤᠸᠠ ᠬᠠᠢ ᠶᠠᠨ ᠳᠡᠳ᠋ ᠵᠠᠬᠢᠷᠤᠯ ᠵᠢᠴᠢ | ᠶᠡᠭᠡ ᠠᠩᠬᠢ ᠶᠢᠨ ᠬᠠᠪᠰᠤᠷᠤᠨ ᠵᠢᠯᠤᠭᠤᠳᠤᠬᠴᠢ ᠵᠠᠩ ᠰᠢᠤᠸᠠᠢ ᠡᠾᠦ᠋ᠢ ᠪᠠᠭᠰᠢ ᠠᠵᠢᠯᠯᠠᠭ᠎ᠠ ᠳᠤ ᠣᠷᠣᠯᠴᠠᠵᠤ᠂ | 472 ᠭᠡᠰᠢᠭᠦᠳ ᠲᠠᠢ ᠬᠠᠮᠲᠤᠪᠠᠷ ᠡᠨᠡ ᠬᠦ ᠢᠷᠠᠭᠤ ᠠᠯᠳᠠᠷᠲᠤ ᠴᠠᠭ ᠮᠥᠴᠡ ᠶᠢ ᠭᠡᠷᠡᠴᠢᠯᠡᠪᠡ᠃ | | | ᠶᠣᠰᠣᠯᠠᠯ ᠡᠬᠢᠯᠡᠵᠦ᠂ ᠢᠷᠠᠭᠤ ᠠᠯᠳᠠᠷ ᠲᠤ ᠬᠦᠨᠳᠦᠳᠬᠡᠯ ᠳᠡᠪᠰᠢᠭᠦᠯᠬᠦ | ᠣᠷᠭᠢᠯᠤᠮ᠎ᠠ ᠬᠠᠯᠠᠭᠤᠨ ᠲᠤᠭ ᠤᠨ ᠠᠶᠠᠰ ᠤᠨ ᠳᠤᠮᠳᠠ᠂ ᠲᠤᠭᠴᠢ ᠨᠠᠷ ᠲᠡᠷᠢ ᠲᠡᠭᠰᠢ ᠠᠯᠬᠤᠭ᠎ᠠ ᠪᠠᠷ | ᠲᠤᠭ ᠢᠶᠠᠨ ᠡᠷᠭᠦᠵᠦ ᠂ ᠪᠦᠬᠦ ᠭᠡᠰᠢᠭᠦᠳ ᠠᠩᠭᠢ ᠳᠠᠭᠠᠨ ᠶᠣᠰᠣᠯᠠᠵᠤ᠂ ︽ᠳᠤᠮᠳᠠᠳᠤ ᠤᠯᠤᠰ ᠤᠨ ᠪᠠᠭᠠᠴᠤᠳ ᠤᠨ | ᠬᠤᠰᠢᠭᠤᠴᠢ ᠠᠩᠭᠢ ᠶᠢᠨ ᠳᠠᠭᠤᠤ︾ ᠶᠢ ᠳᠠᠭᠤᠯᠠᠵᠤ᠂ ᠳᠠᠭᠤᠤ ᠬᠠᠩᠭᠢᠨᠠᠮ᠎ᠠ ᠪᠠᠶᠢᠵᠤ᠂ ᠤᠯᠤᠰ ᠢᠶᠠᠨ ᠬᠠᠶᠢᠷᠠᠯᠠᠬᠤ | ᠬᠠᠯᠠᠭᠤᠨ ᠰᠡᠳᠬᠢᠯᠭᠡ ᠶᠢ ᠬᠥᠭᠵᠢᠭᠡᠪᠡ᠃ ᠳᠠᠷᠠᠭ᠎ᠠ ᠨᠢ᠂ ᠶᠡᠭᠡ ᠠᠩᠭᠢ ᠶᠢᠨ ᠬᠤᠷᠢᠶ᠎ᠠ 20 ᠰᠢᠨ᠎ᠡ ᠭᠡᠰᠢᠭᠦᠨ ᠤ | ᠨᠡᠷᠡᠰ ᠢ ᠤᠩᠰᠢᠨ ᠨᠡᠶᠢᠲᠡᠯᠡᠵᠦ᠂ ᠲᠠᠪᠤᠳᠤᠭᠠᠷ ᠣᠨ ᠤ ᠠᠬᠠᠮᠠᠳ ᠭᠡᠰᠢᠭᠦᠳ ᠰᠢᠨ᠎ᠡ ᠭᠡᠰᠢᠭᠦᠳ ᠲᠤ ᠤᠯᠠᠭᠠᠨ | ᠪᠦᠴᠡ ᠵᠡᠭᠦᠯᠭᠡᠵᠦ᠂ ᠰᠢᠨ᠎ᠡ ᠠᠬᠠᠮᠠᠳ ᠠᠩᠭᠢ ᠶᠢᠨ ᠭᠡᠰᠢᠭᠦᠨ ᠬᠠᠷᠢᠯᠴᠠᠨ ᠶᠤᠰᠤᠯᠠᠵᠤ ᠂ ᠬᠤᠪᠢᠰᠬᠠᠯ ᠤᠨ | ᠤᠳᠤᠮᠰᠢᠯ ᠢ ᠤᠯᠠᠮᠵᠢᠯᠠᠨ ᠵᠠᠯᠭᠠᠮᠵᠢᠯᠠᠬᠤ ᠳᠤᠮᠳᠠ ᠬᠡᠷᠡᠯ ᠭᠢᠯᠪᠠᠭ᠎ᠠ ᠰᠠᠴᠤᠷᠠᠭᠤᠯᠪᠠ᠃ | | ᠲᠥᠪ ᠶᠡᠬᠡᠮᠰᠦᠭ ᠲᠠᠩᠭᠠᠷᠢᠭᠯᠠᠵᠤ᠂ ᠡᠭᠦᠷᠭᠡ ᠬᠠᠷᠢᠭᠤᠴᠠᠯᠭ᠎ᠠ ᠮᠦᠷᠦᠨ ᠳᠡᠭᠡᠷ᠎ᠡ | ︽ᠪᠢ ᠪᠣᠯ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠁ ︾ | ᠭᠡᠵᠦ ᠶᠡᠭᠡ ᠠᠩᠬᠢ ᠶᠢᠨ ᠳᠠᠷᠤᠭ᠎ᠠ ᠳᠠᠭᠠᠭᠤᠯᠤᠨ ᠲᠠᠩᠭᠠᠷᠢᠭᠯᠠᠵᠤ᠂ ᠰᠢᠨ᠎ᠡ ᠠᠩᠬᠢ ᠶᠢᠨ ᠭᠡᠰᠢᠭᠦᠳ ᠠᠩᠭᠢ ᠶᠢᠨ | ᠲᠤᠭ ᠵᠦᠭ ᠲᠥᠪ ᠴᠢᠩᠭ᠎ᠠ ᠪᠠᠷ ᠲᠠᠩᠭᠠᠷᠢᠭᠯᠠᠵᠤ᠂ ᠨᠢᠯᠬᠠᠰᠠᠭ ᠳᠠᠭᠤᠨ ᠤ ᠳᠤᠮᠳᠠ ᠡᠷᠡᠰ ᠪᠠᠲᠤ ᠢᠲᠡᠭᠡᠯ ᠪᠢᠰᠢᠷᠡᠯ | ᠪᠢᠯᠬᠠᠨ᠎ᠠ᠃ ᠰᠢᠨ᠎ᠡ ᠭᠡᠰᠢᠭᠦᠨ ᠤ ᠲᠥᠯᠥᠭᠡᠯᠡᠭᠴᠢ ᠶᠢᠨ ᠳ᠋ᠧᠦ ᠳ᠋ᠸᠤ᠄ ︽ᠤᠯᠠᠭᠠᠨ ᠪᠦᠴᠡ ᠵᠡᠭᠦᠭᠰᠡᠨ ᠤ ᠳᠠᠷᠠᠭ᠎ᠠ ᠂ | ᠪᠢ ᠪᠣᠯ ᠳᠠᠷᠤᠢ ᠢᠷᠠᠭᠤ ᠠᠯᠳᠠᠷᠲᠤ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠮᠦᠨ ᠂ ᠪᠢ ᠰᠠᠶᠢᠲᠤᠷ | ᠰᠤᠷᠤᠯᠴᠠᠵᠤ᠂ ᠤᠯᠠᠭᠠᠨ ᠪᠦᠴᠡ ᠶᠢ ᠨᠡᠩ ᠬᠢᠯᠠᠯᠵᠠᠭᠤᠯᠤᠨ᠎ᠠ ︕︾ ᠭᠡᠵᠦ ᠶᠠᠷᠢᠶ᠎ᠠ ᠲᠠᠯᠪᠢᠪᠠ ᠃ | | ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠬᠤ ᠂ ᠦᠯᠢᠭᠡᠷ ᠳᠠᠭᠤᠷᠢᠶᠠᠯ ᠬᠦᠲᠦᠯᠦᠨ ᠳᠠᠭᠠᠭᠤᠯᠬᠤ | ᠶᠣᠰᠣᠯᠠᠯ ᠨᠢ ︽ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ︾᠂ ︽ᠰᠢᠯᠢᠳᠡᠭ | ᠠᠩᠭᠢ ᠶᠢᠨ ᠺᠠᠳ᠋ᠷ︾ ᠵᠡᠷᠭᠡ ᠶᠢ ᠬᠥᠬᠢᠭᠦᠯᠦᠨ ᠰᠠᠶᠢᠰᠢᠶᠠᠪᠠ᠃ ᠭᠦᠸᠧ ᠵᠢᠶᠧ ᠱᠦᠵᠢ᠂ ᠵᠢᠶᠠᠩ ᠭᠤᠸᠠᠩ ᠵᠢᠶᠠᠨ | ᠰᠤᠷᠭᠠᠭᠤᠯᠢ ᠶᠢᠨ ᠵᠠᠬᠢᠷᠤᠯ ᠵᠡᠷᠭᠡ ᠤᠳᠤᠷᠢᠳᠤᠯᠭ᠎ᠠ ᠱᠠᠩᠨᠠᠯ ᠣᠯᠤᠭᠰᠠᠨ ᠭᠡᠰᠢᠭᠦᠳ ᠲᠤ ᠢᠷᠠᠭᠤ ᠠᠯᠳᠠᠷ ᠤᠨ | ᠦᠨᠡᠮᠯᠡᠯ ᠭᠠᠷᠳᠠᠭᠤᠯᠪᠠ᠃ ᠰᠢᠯᠢᠳᠡᠭ ᠠᠬᠠᠮᠠᠳ ᠭᠡᠰᠢᠭᠦᠨ ᠤ ᠲᠦᠯᠭᠡᠯᠡᠭᠴᠢ ᠯᠦᠸᠧ ᠯᠢᠨ ᠶᠤᠸᠠᠨ ᠦᠰᠦᠨ | ᠪᠤᠶᠢᠵᠢᠭᠰᠠᠨ ᠰᠡᠳᠬᠢᠯᠭᠡ ᠪᠠᠨ ᠬᠤᠪᠢᠶᠠᠯᠴᠠᠪᠠ ᠄ ︽ᠤᠯᠠᠭᠠᠨ ᠪᠦᠴᠡ ᠪᠣᠯ ᠬᠠᠷᠢᠭᠤᠴᠠᠯᠭ᠎ᠠ ᠮᠥᠨ᠂ ᠨᠠᠩ ᠴᠤ | ᠬᠥᠳᠡᠯᠭᠡᠬᠦ ᠬᠦᠴᠦᠨ ᠮᠥᠨ᠂ ᠪᠢᠳᠡ ︿ᠬᠤᠰᠢᠭᠤᠴᠢ﹀ ᠶᠢᠨ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ | ᠴᠡᠭᠡᠵᠢᠯᠡᠬᠦ ᠬᠡᠷᠡᠭᠲᠡᠶ︾᠃ | | | ᠲᠡᠮᠳᠡᠭ ᠣᠯᠭᠤᠵᠣ᠂ ᠬᠦᠨᠲᠦ ᠡᠭᠦᠷᠭᠡ ᠶᠢ ᠵᠣᠷᠢᠭᠲᠠᠢ ᠡᠭᠦᠷᠭᠡᠯᠡᠬᠦ | ᠠᠵᠢᠯᠯᠠᠭ᠎ᠠ ᠨᠢ ᠶᠡᠭᠡ ᠠᠩᠭᠢ ᠶᠢᠨ ᠭᠡᠰᠢᠭᠦᠨ ᠂ ᠳᠤᠮᠳᠠ ᠠᠩᠭᠢ ᠭᠡᠰᠢᠭᠦᠳ ᠲᠤ ᠺᠠᠳ᠋ᠷ ᠤᠨ ᠲᠡᠮᠳᠡᠭ | ᠣᠯᠭᠤᠪᠠ᠃ ᠭᠦᠸᠧ ᠵᠢᠶᠧ ᠱᠦᠵᠢ᠂ ᠵᠢᠶᠠᠩ ᠭᠤᠸᠠᠩ ᠵᠢᠶᠠᠨ ᠰᠤᠷᠭᠠᠭᠤᠯᠢ ᠶᠢᠨ ᠵᠠᠬᠢᠷᠤᠯ ᠨᠢ ᠶᠡᠭᠡ ᠠᠩᠭᠢ ᠶᠢᠨ | ᠭᠡᠰᠢᠭᠦᠳ ᠲᠤ ᠭᠤᠷᠪᠠᠨ ᠵᠤᠷᠪᠤᠰ ᠰᠠᠪᠠᠯᠠᠭᠤᠷ ᠵᠡᠭᠦᠯᠭᠡᠵᠦ ᠂ ᠬᠤᠸᠠ ᠬᠠᠶ ᠶᠠᠨ ᠳᠡᠳ᠋ ᠵᠠᠬᠢᠷᠤᠯ ᠪᠣᠯᠤᠨ ᠵᠠᠩ | ᠰᠢᠤᠸᠠᠢ ᠾᠦᠢ ᠪᠠᠭᠰᠢ ᠳᠤᠮᠳᠠ ᠠᠩᠭᠢ ᠶᠢᠨ ᠭᠡᠰᠢᠭᠦᠳ ᠲᠤ ᠬᠤᠶᠠᠷ ᠵᠤᠷᠪᠤᠰ ᠰᠠᠪᠠᠯᠠᠭᠤᠷ ᠵᠡᠭᠦᠯᠭᠡᠵᠦ᠂ | ᠠᠩᠭᠢ ᠶᠢᠨ ᠺᠠᠳ᠋ᠷᠴᠤᠳ ᠢ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠰᠠᠶᠢᠨ ᠭᠡᠰᠢᠭᠦᠳ ᠤᠨ ︽ᠵᠠᠮᠴᠢᠯᠠᠭᠴᠢ︾ | ᠪᠣᠯᠬᠤ ᠶᠢ ᠵᠣᠷᠢᠭᠵᠢᠭᠤᠯᠪᠠ ᠃ | | ᠤᠳᠤᠷᠢᠳᠤᠯᠭ᠎ᠠ ᠦᠭᠡ ᠢᠯᠡᠭᠡᠵᠦ᠂ ᠡᠷᠡᠮᠡᠬᠡᠶᠢᠯᠡᠨ ᠤᠷᠤᠭᠰᠢᠯᠠᠬᠤ | ᠵᠢᠶᠠᠩ ᠭᠤᠸᠠᠩ ᠵᠢᠶᠠᠨ ᠰᠤᠷᠭᠠᠭᠤᠯᠢ ᠶᠢᠨ ᠵᠠᠬᠢᠷᠤᠯ ᠶᠠᠷᠢᠶᠠᠨ ᠳᠤ ᠪᠠᠨ ᠪᠦᠬᠦ ᠭᠡᠰᠢᠭᠦᠳ ᠲᠤ᠄ ︽ᠲᠠ | ᠨᠠᠷ ᠨᠠᠮ ᠤᠨ ᠰᠤᠷᠭᠠᠯ ᠢ ᠪᠠᠲᠤ ᠴᠡᠭᠡᠵᠢᠯᠡᠵᠦ᠂ ᠪᠠᠭ᠎ᠠ ᠰᠤᠷᠭᠠᠭᠤᠯᠢ ᠶᠢᠨ ᠬᠤᠰᠢᠭᠤᠴᠢ ᠠᠴᠠ ᠪᠠᠨ ᠶᠡᠭᠡ ᠪᠣᠯᠵᠤ | ᠬᠤᠰᠢᠭᠤᠴᠢ ᠪᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠭᠠᠨ ᠪᠥᠴᠡᠲᠡᠨ ᠤ ᠥᠩᠭᠡ ᠭᠢᠯᠪᠠᠭ᠎ᠠ ᠶᠢ ᠨᠡᠮᠡᠷᠢᠯᠡᠬᠦ ᠶᠢ | ᠬᠦᠰᠡᠵᠦ ᠪᠠᠶᠢᠨ᠎ᠠ︕︾ ᠭᠡᠪᠡ᠃ | | ᠤᠷᠢᠶ᠎ᠠ ᠬᠠᠰᠭᠢᠷᠴᠤ᠂ ᠬᠦᠰᠡᠯ ᠵᠡᠭᠦᠳᠦ ᠶᠢ ᠲᠡᠷᠭᠡᠯᠰᠢᠭᠦᠯᠬᠦ ᠠᠶᠠᠯᠠᠯ ᠢᠶᠠᠨ ᠡᠷᠭᠢᠯᠡᠭᠦᠯᠬᠦ | ︽ᠡᠪ ᠬᠠᠮᠲᠤ ᠶᠣᠰᠣᠨ ᠤ ᠲᠥᠯᠥᠭᠡ ᠪᠡᠯᠡᠳᠬᠡᠨ᠎ᠡ ︕︾ ︽ᠴᠠᠭ ᠢᠮᠠᠭᠲᠠ ᠪᠡᠯᠡᠳᠬᠡᠨ᠎ᠡ︕︾ ᠶᠡᠭᠡ | ᠠᠩᠬᠢ ᠶᠢᠨ ᠬᠠᠪᠰᠤᠷᠤᠨ ᠵᠢᠯᠤᠭᠤᠳᠤᠬᠴᠢ ᠵᠠᠩ ᠰᠢᠤᠸᠠᠢ ᠡᠾᠦ᠋ᠢ ᠪᠠᠭᠰᠢ ᠳᠠᠭᠠᠭᠤᠯᠤᠨ ᠤᠷᠢᠶᠠᠯᠠᠵᠤ᠂ ᠠᠩᠬᠢ ᠶᠢᠨ | ᠭᠡᠰᠢᠭᠦᠳ ᠤᠨ ᠬᠠᠷᠢᠭᠤᠯᠲᠠ ᠰᠤᠷᠭᠠᠭᠤᠯᠢ ᠶᠢᠨ ᠬᠦᠷᠢᠶᠡᠨ ᠳᠤ ᠴᠤᠤᠷᠢᠶᠠᠲᠤᠪᠠ᠃ ᠲᠤᠭ ᠪᠤᠴᠠᠬᠤ ᠠᠶ᠎ᠠ ᠶᠢᠨ | ᠳᠤᠮᠳᠠ᠂ ᠠᠩᠭᠢ ᠶᠢᠨ ᠶᠣᠰᠣᠯᠠᠯ ᠲᠡᠭᠦᠰ ᠠᠮᠵᠢᠯᠲᠠ ᠲᠠᠢ ᠥᠨᠳᠥᠷᠯᠡᠪᠡ᠃ | | ᠤᠯᠤᠰ ᠤᠨ ᠲᠤᠭ ᠤᠨ ᠳᠣᠤᠷᠠᠬᠢ ᠦᠵᠡᠯ ᠰᠠᠨᠠᠭᠠᠨ ᠤ ᠠᠷᠢᠭᠤᠳᠬᠠᠯ ᠠᠴᠠ ᠠᠩᠭᠢ ᠶᠢᠨ ᠬᠤᠷᠠᠯ ᠤᠨ | ᠭᠦᠨᠵᠡᠭᠡᠶ ᠰᠤᠷᠤᠯᠴᠠᠯᠭ᠎ᠠ ᠬᠦᠷᠲᠡᠯ᠎ᠡ ᠂ ᠳᠠᠬᠢᠨ ᠠᠩᠭᠢ ᠳᠤ ᠣᠷᠣᠬᠤ ᠶᠣᠰᠣᠯᠠᠯ ᠤᠨ ᠲᠥᠪ ᠴᠢᠩᠭ᠎ᠠ ᠴᠠᠭ ᠮᠥᠴᠡ | ᠬᠦᠷᠲᠡᠯ᠎ᠡ ᠂ ᠰᠢᠨ᠎ᠡ ᠭᠡᠰᠢᠭᠦᠳ ᠲᠤ ᠪᠠᠭᠠᠴᠤᠳ ᠤᠨ ᠬᠤᠰᠢᠭᠤᠴᠢ ᠠᠩᠭᠢ ᠶᠢᠨ ᠵᠣᠷᠢᠭ ᠰᠠᠨᠠᠭᠠᠨ ᠤ ᠳᠣᠲᠣᠷᠠᠬᠢ | ᠴᠥᠮ᠎ᠡ ᠶᠢ ᠭᠦᠨᠵᠡᠭᠡᠶ ᠣᠶᠢᠯᠠᠭᠠᠭᠤᠯᠪᠠ᠃ ᠢᠷᠡᠭᠡᠳᠦᠢ ᠳᠤ᠂ ᠪᠦᠬᠦ ᠪᠠᠭᠠᠴᠤᠳ ᠤᠨ ᠬᠤᠰᠢᠭᠤᠴᠢ ᠠᠩᠭᠢ ᠶᠢᠨ | ᠭᠡᠰᠢᠭᠦᠳ ᠲᠤᠰ ᠤᠳᠠᠭᠠᠨ ᠤ ᠠᠵᠢᠯᠯᠠᠭ᠎ᠠ ᠪᠠᠷ ᠡᠬᠢᠯᠡᠯᠲᠡ ᠶᠢᠨ ᠴᠡᠭ ᠪᠣᠯᠭᠠᠵᠤ᠂ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠠᠭᠠᠨ ᠪᠥᠴᠡᠲᠡᠨ ᠤ ᠪᠠᠷ᠎ᠠ ᠪᠤᠯᠤᠯᠭ᠎ᠠ ᠲᠠᠢ ᠪᠠᠷ ᠬᠦᠰᠡᠯᠡᠩ ᠲᠠᠢ᠂ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠵᠣᠪᠠᠭᠤᠷᠢ ᠶᠢ ᠠᠮᠰᠠᠵᠤ ᠳᠡᠶᠢᠯᠬᠦ᠂ ᠴᠢᠷᠮᠠᠶᠢᠨ ᠲᠡᠮᠡᠴᠡᠬᠦ | ᠬᠦᠴᠦᠷᠬᠡᠭ ᠤᠯᠤᠰ ᠤᠨ ᠪᠠᠭᠠᠴᠤᠳ ᠪᠣᠯᠬᠤ ᠪᠠᠷ ᠴᠢᠷᠮᠠᠶᠢᠨ᠎ᠠ ︕ | |