ᠵᠠᠩ ᠰᠢᠶᠤᠤ ᠹᠸᠢ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/6/8
        6 ᠳ᠋ᠤᠭᠠᠷ ᠰᠠᠷ᠎ᠠ ᠶᠢᠨ 3 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠪᠦᠯᠬᠦᠮ ᠳᠠᠭᠠᠭᠤᠯᠤᠨ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠨ᠂ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ᠃        ᠵᠠᠩ ᠰᠢᠶᠤᠤ ᠹᠧᠢ ᠤᠷᠢᠳ ᠬᠤᠵᠢᠳ ᠰᠢᠭᠤᠶᠢᠲᠤ ᠴᠠᠬᠢᠯᠭᠠᠨ ᠦᠢᠯᠡᠳᠪᠦᠷᠢ ᠶᠢᠨ ᠲᠦᠷᠦᠯ ᠵᠦᠢᠯ ᠪᠣᠯᠤᠨ ᠶᠦᠩ ᠢ ᠵᠦᠩ ᠰᠢᠩ ᠪᠣᠯᠣᠳ ᠪᠦᠲᠦᠴᠡ ᠵᠢᠴᠢ ᠰᠢᠨ᠎ᠡ ᠡᠨᠧᠷᠭᠢ ᠶᠢᠨ ᠢᠵᠢ ᠪᠦᠷᠢᠳᠦᠭᠰᠡᠨ ᠲᠦᠷᠦᠯ ᠵᠦᠢᠯ ᠵᠡᠷᠭᠡ ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠲᠦᠷᠦᠯ ᠵᠦᠢᠯ ᠤᠨ ᠬᠠᠷᠢᠭᠤᠴᠠᠯᠭᠠᠲᠠᠨ ᠲᠠᠢ ᠲᠤᠬᠠᠢ ᠶᠢᠨ ᠲᠠᠯᠠᠪᠠᠢ ᠳᠤ ᠶᠠᠷᠢᠯᠴᠠᠵᠤ᠂ ᠲᠤᠬᠠᠢ ᠶᠢᠨ ᠲᠠᠯᠠᠪᠠᠢ ᠳᠤᠠᠵᠢᠯᠯᠠᠵᠤ᠂ ᠠᠵᠤ ᠠᠬᠤᠶᠢᠯᠠᠯ ᠢ ᠬᠠᠪᠰᠤᠷᠤᠨ ᠠᠬᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ ᠢᠰᠢᠢᠳᠪᠦᠷᠢᠯᠡᠪᠡ᠃ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ᠂ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠬᠤ᠂ ᠳᠡᠭᠡᠳᠦ ᠬᠢᠵᠠᠭᠠᠷ ᠢ ᠨᠢᠭᠡ ᠨᠢᠭᠡ ᠪᠠᠷ ᠨᠠᠶᠢᠳᠠᠪᠤᠷᠢᠵᠢᠭᠤᠯᠬᠤ ᠶᠢ ᠠᠳᠬᠤᠵᠤ᠂ ᠲᠦᠷᠦᠯ ᠵᠦᠢᠯ ᠤᠨ ᠨᠡᠩ ᠤᠯᠠᠨ ᠪᠣᠳᠠᠲᠤ ᠪᠣᠳᠠᠰ ᠤᠨ ᠬᠡᠮᠵᠢᠶ᠎ᠡ ᠶᠢ ᠪᠦᠷᠢᠯᠳᠦᠭᠦᠯᠬᠦ ᠶᠢ ᠡᠷᠲᠡᠬᠡᠨ ᠠᠬᠢᠭᠤᠯᠬᠤ ᠬᠡᠷᠡᠭᠲᠡᠢ᠃ ︽ᠭᠤᠷᠪᠠ ᠠᠴᠠ ᠬᠤᠶᠠᠷ ᠢ ᠡᠷᠢᠬᠦ︾ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠶᠢ ᠡᠷᠢᠵᠦ᠂ ᠪᠡᠯᠡ ᠮᠥᠩᠭᠦ ᠡᠷᠢᠵᠦ᠂ ᠠᠵᠤ ᠠᠬᠤᠶᠢᠯᠠᠯ ᠤᠨ ᠬᠡᠷᠡᠭᠴᠡᠭᠡ ᠶᠢ ᠣᠨᠤᠪᠴᠢᠲᠠᠢ ᠵᠣᠯᠭᠠᠭᠤᠯᠵᠤ᠂ ᠠᠵᠤ ᠠᠬᠤᠶᠢᠯᠠᠯ ᠢ ᠦᠨᠡᠨ ᠬᠦ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠱᠠᠭᠠᠷᠳᠠᠪᠠ ᠃        ᠵᠠᠩ ᠰᠢᠶᠤᠤ ᠹᠸᠢ ᠲᠦᠷᠦᠯ ᠵᠦᠢᠯ ᠤᠨ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠤ ᠲᠥᠬᠦᠭᠡᠷᠦᠮᠵᠢ ᠶᠢᠨ ᠲᠤᠬᠢᠷᠠᠭᠤᠯᠤᠯᠳᠠ᠂ ᠠᠮᠤᠷ ᠲᠦᠪᠰᠢᠨ ᠤ ᠲᠦᠷᠢᠮ ᠢ ᠬᠡᠷᠡᠭᠵᠢᠭᠦᠯᠦᠭᠰᠡᠨ ᠵᠡᠷᠭᠡ ᠪᠠᠶᠢᠳᠠᠯ ᠢ ᠪᠠᠶᠢᠴᠠᠭᠠᠪᠠ᠃ ᠲᠡᠷᠡ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠳᠦᠷ ᠲᠤᠳᠤᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂  ᠣᠨᠴᠠᠭᠠᠶᠢᠯᠠᠨ ᠭᠤᠣᠯᠳᠠᠯᠭ᠎ᠠ ᠪᠣᠯᠬᠤ ᠣᠷᠣᠨ ᠪᠠᠶᠢᠷᠢ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠡᠷᠲᠡ ᠢᠯᠡᠷᠡᠭᠦᠯᠵᠦ᠂ ᠡᠷᠲᠡ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃        ᠲᠣᠭᠤᠷᠢᠭ ᠤᠨ ᠤᠳᠤᠷᠢᠳᠤᠯᠭ᠎ᠠ ᠨᠢᠤ ᠪᠢᠶᠤᠤ᠂ ᠯᠢ ᠴᠢᠩ ᠵᠦᠩ᠂ ᠮᠠ ᠪᠢᠨ᠂ ᠰᠦᠨ ᠶᠤᠸᠠᠢ᠂ ᠵᠠᠩ ᠵᠢᠶᠠᠨ ᠴᠦᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号