︽ᠬᠤᠣᠰ ᠨᠡᠷ᠎ᠡ ᠮᠡᠳᠡᠭᠦᠯᠬᠦ᠂ ᠬᠤᠣᠰ ᠦᠢᠯᠡᠴᠢᠯᠡᠭᠡ᠂ ᠬᠤᠣᠰ ᠮᠡᠳᠡᠭᠦᠯᠦᠯᠲᠡ︾ ᠶᠢᠨ ᠠᠵᠢᠯ ᠤᠨ | ᠲᠣᠭᠲᠠᠴᠠ ᠶᠢ ᠯᠠᠪᠳᠠᠭᠤᠨ ᠪᠠᠲᠤᠲᠠᠢ ᠠᠬᠢᠭᠤᠯᠵᠤ ᠂ ᠨᠠᠮ ᠤᠨ ᠠᠴᠢ ᠶᠢ ᠮᠡᠳᠡᠷᠡᠵᠤ ᠨᠠᠮ ᠢᠶᠠᠨ ᠲᠠᠭᠠᠨ | ᠤᠷᠤᠭᠰᠢᠯᠠᠬᠤ ᠤᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠦᠷᠨᠢᠭᠦᠯᠬᠦ ᠶᠢᠨ ᠲᠦᠯᠦᠭᠡ ᠂ ᠬᠠᠮᠲᠤᠪᠠᠷ | ᠪᠠᠶᠢᠭᠤᠯᠬᠤ ᠨᠢᠭᠡᠴᠢ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠲᠤ ᠪᠠᠭᠤᠵᠤ ᠂ ᠨᠡᠶᠢᠭᠡᠮ ᠲᠣᠭᠤᠷᠢᠭ ᠤᠨ | ᠠᠵᠢᠯᠲᠠᠳ ᠲᠠᠢ ᠮᠥᠷᠥ ᠵᠡᠷᠭᠡᠴᠡᠨ ᠪᠠᠶᠢᠯᠳᠤᠵᠤ᠂ ᠰᠠᠭᠤᠭᠠᠯᠢ ᠠᠷᠠᠳ ᠤᠨ ᠬᠡᠷᠡᠭᠴᠡᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠠᠨ ᠬᠡᠯᠪᠡᠷᠢ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ | ᠬᠥᠭᠵᠢᠯᠲᠡ ᠳᠤ ᠦᠨᠡᠨ ᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠬᠥᠮᠦᠰ ᠤᠨ ᠰᠡᠳᠬᠢᠯ ᠢ | ᠳᠤᠯᠠᠭᠠᠴᠠᠭᠤᠯᠬᠤ ᠨᠡᠶᠢᠭᠡᠮ ᠲᠣᠭᠤᠷᠢᠭ ᠤᠨ ᠵᠣᠯ ᠵᠢᠷᠭᠠᠯ ᠤᠨ ᠬᠠᠭᠤᠳᠠᠰᠤ ᠶᠢ ᠵᠢᠷᠤᠭᠯᠠᠪᠠ᠃ | ᠠᠮᠤᠷ ᠲᠦᠪᠰᠢᠨ ᠤ ᠤᠬᠠᠭᠤᠯᠭ᠎ᠠ ᠶᠢ ︽ᠬᠤᠣᠰ ᠵᠠᠮ ᠢᠶᠠᠷ ᠵᠡᠷᠭᠡᠴᠡᠭᠦᠯᠵᠦ︾᠂ ᠨᠡᠶᠢᠭᠡᠮ ᠲᠣᠭᠤᠷᠢᠭ ᠤᠨ | ᠬᠠᠮᠠᠭᠠᠯᠠᠯᠲᠠ ᠶᠢᠨ ᠲᠣᠣᠷ ᠢ ᠨᠢᠭᠲᠠ ᠰᠦᠯᠵᠢᠪᠡ | ᠬᠠᠮᠲᠤᠪᠠᠷ ᠪᠠᠶᠢᠭᠤᠯᠬᠤ ᠨᠢᠭᠡᠴᠢ ᠶᠢᠨ ᠨᠠᠮ ᠤᠨ ᠭᠡᠰᠢᠭᠦᠨ ᠺᠠᠳ᠋ᠷ ᠤᠬᠠᠭᠤᠯᠭ᠎ᠠ ᠶᠢᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠬᠢ ᠶᠢ ᠪᠦᠷᠢᠯᠳᠦᠭᠦᠯᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ᠂ ᠠᠶᠤᠯ | ᠦᠭᠡᠢ ᠦᠢᠯᠡᠳᠪᠦᠷᠢᠯᠡᠯ ᠤᠨ ᠰᠠᠷ᠎ᠠ ᠵᠡᠷᠭᠡ ᠵᠠᠩᠭᠢᠯᠠᠭ᠎ᠠ ᠶᠢᠨ ᠴᠡᠭ ᠲᠠᠢ ᠨᠢᠭᠲᠠ ᠤᠶᠠᠯᠳᠤᠭᠤᠯᠵᠤ᠂ ︽ᠠᠭᠤᠳᠠᠮ | ᠲᠠᠯᠠᠪᠠᠢ ᠳᠤ ᠲᠥᠪᠯᠡᠷᠡᠭᠦᠯᠦᠨ ᠤᠬᠠᠭᠤᠯᠬᠤ + ᠡᠷᠦᠬᠡ ᠳᠤ ᠬᠦᠷᠴᠦ ᠣᠨᠤᠪᠴᠢᠲᠠᠢ ᠲᠦᠭᠡᠮᠡᠯᠵᠢᠭᠦᠯᠬᠦ︾ ᠬᠤᠣᠰ | ᠱᠤᠭᠤᠮ ᠢ ᠵᠡᠷᠭᠡᠪᠡᠷ ᠶᠠᠪᠤᠭᠤᠯᠬᠤ ᠵᠠᠭᠪᠤᠷ ᠢ ᠠᠪᠴᠤ᠂ ᠰᠠᠭᠤᠭᠠᠯᠢ ᠠᠷᠠᠳ ᠲᠤ ᠠᠮᠤᠷ ᠲᠦᠪᠰᠢᠨ ᠤ | ᠬᠠᠮᠠᠭᠠᠯᠠᠯᠲᠠ ᠶᠢᠨ ᠲᠣᠣᠷ ᠢ ᠪᠠᠲᠤ ᠰᠦᠯᠵᠢᠪᠡ ᠃ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠶ ᠳᠤ᠂ ᠬᠠᠤᠯᠢ ᠪᠠᠷ | ᠵᠠᠰᠠᠬᠤ ᠦᠵᠡᠭᠦᠯᠭᠡ ᠶᠢᠨ ᠰᠠᠮᠪᠠᠷ᠎ᠠ ᠭᠠᠷᠭᠠᠬᠤ᠂ ᠠᠮᠤᠷ ᠲᠦᠪᠰᠢᠨ ᠤ ᠭᠠᠷ ᠳᠡᠪᠲᠡᠷ ᠲᠠᠷᠬᠠᠭᠠᠬᠤ᠂ ᠲᠤᠬᠠᠶ ᠶᠢᠨ | ᠲᠠᠯᠠᠪᠤᠷ ᠲᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠬᠦ ᠵᠡᠷᠭᠡ ᠠᠷᠭ᠎ᠠ ᠬᠡᠯᠪᠡᠷᠢ ᠪᠠᠷ ᠂ ᠰᠠᠭᠤᠭᠠᠯᠢ ᠠᠷᠠᠳ ᠲᠤ | ᠮᠡᠬᠡᠯᠡᠯ ᠢ ᠰᠡᠷᠭᠡᠶᠢᠯᠡᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠪᠡ︔ ᠭᠠᠭᠴᠠᠭᠠᠷ | ᠰᠠᠭᠤᠭ᠎ᠠ ᠨᠠᠰᠤᠲᠠᠨ᠂ ᠵᠡᠮᠳᠡᠭ ᠬᠡᠷ ᠪᠦᠯᠢ ᠵᠡᠷᠭᠡ ᠣᠨᠴᠠᠭᠠᠶ ᠬᠠᠮᠲᠤᠯᠢᠭ ᠲᠤ ᠴᠢᠭᠯᠡᠭᠦᠯᠦᠨ᠂ ᠰᠠᠶᠢᠨ ᠳᠤᠷ᠎ᠠ ᠶᠢᠨ | ᠦᠢᠯᠡᠴᠢᠯᠡᠭᠴᠢᠳ ᠬᠡᠷ ᠲᠤ ᠨᠢ ᠭᠦᠨᠵᠡᠭᠡᠶᠢᠷᠡᠨ ︽ᠨᠢᠭᠡ ᠳᠤ ᠨᠢᠭᠡ︾ ᠶᠢᠨ ᠨᠠᠷᠢᠯᠢᠭ ᠣᠨᠤᠪᠴᠢᠲᠠᠢ | ᠲᠦᠭᠡᠮᠡᠯᠵᠢᠭᠦᠯᠬᠦ ᠠᠵᠢᠯ ᠢ ᠥᠷᠨᠢᠭᠦᠯᠵᠦ᠂ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠰᠢᠲᠠᠮᠠᠬᠠᠶ ᠬᠡᠶ ᠶᠢᠨ ᠠᠮᠤᠷ | ᠲᠦᠪᠰᠢᠨ ᠤ ᠬᠡᠷᠡᠭᠯᠡᠯᠲᠡ ᠶᠢᠨ ᠵᠢᠷᠤᠮᠵᠢᠯ ᠢ ᠲᠠᠶᠢᠯᠪᠤᠷᠢᠯᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠮᠢ ᠵᠢᠭᠤᠲᠠᠬᠤ | ᠤᠷ᠎ᠠ ᠮᠡᠷᠭᠡᠵᠢᠯ ᠢ ᠳᠡᠯᠭᠡᠨ ᠦᠵᠡᠭᠦᠯᠵᠦ᠂ ᠠᠮᠤᠷ ᠲᠦᠪᠰᠢᠨ ᠤ ᠮᠡᠳᠡᠯᠭᠡ ᠶᠢ ᠦᠨᠡᠨ ᠬᠦ ᠲᠠᠷᠢᠬᠢᠨ ᠳᠤ ᠨᠢ | ᠬᠠᠳᠠᠩᠰᠢᠭᠤᠯᠪᠠ᠃ ᠣᠳᠣᠬᠠᠨ ᠳᠤ᠂ ᠨᠡᠶᠢᠲᠡ 2 ᠲᠠᠯᠠᠪᠤᠷ ᠲᠥᠪᠯᠡᠷᠡᠭᠦᠯᠦᠨ ᠤᠬᠠᠭᠤᠯᠬᠤ ᠠᠵᠢᠯ ᠢ ᠥᠷᠨᠢᠭᠦᠯᠵᠦ᠂ | 80 ᠭᠠᠷᠤᠶ ᠰᠠᠭᠤᠭᠠᠯᠢ ᠠᠷᠠᠳ ᠢ ᠰᠤᠷᠪᠤᠯᠵᠢᠯᠠᠵᠤ᠂ 300 ᠭᠠᠷᠤᠶ ᠬᠤᠪᠢ ᠮᠠᠲ᠋ᠧᠷᠢᠶᠠᠯ ᠲᠠᠷᠬᠠᠭᠠᠪᠠ᠃ | | | ᠣᠷᠴᠢᠨ ᠲᠣᠭᠤᠷᠢᠨ ᠢ ᠴᠡᠭᠴᠡᠯᠡᠨ ᠵᠠᠰᠠᠬᠤ ︽ᠬᠠᠨᠳᠤᠯᠭᠠᠲᠤ ᠪᠣᠭᠤᠮᠲᠠ ᠰᠢᠪᠲᠤᠯᠬᠤ︾ ᠠᠵᠢᠯᠯᠠᠭ᠎ᠠ | ᠨᠡᠶᠢᠭᠡᠮ ᠲᠣᠭᠤᠷᠢᠭ ᠤᠨ ᠥᠩᠭᠡ ᠵᠢᠰᠦ ᠶᠢ ᠰᠢᠨᠡᠳᠬᠡᠪᠡ | ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠵᠠᠰᠠᠯᠲᠠ ᠶᠢ ᠭᠦᠨᠵᠡᠭᠡᠶᠢᠷᠡᠭᠦᠯᠬᠦ ᠶᠢᠨ ᠲᠥᠯᠥᠭᠡ᠂ | ᠬᠠᠮᠲᠤᠪᠠᠷ ᠪᠠᠶᠢᠭᠤᠯᠬᠤ ᠨᠢᠭᠡᠴᠢ 30 ᠭᠠᠷᠤᠶ ᠰᠠᠶᠢᠨ ᠳᠤᠷ᠎ᠠ ᠶᠢᠨ ᠦᠢᠯᠡᠴᠢᠯᠡᠭᠴᠢ ᠶᠢ ᠦᠳᠲᠡᠷ ᠲᠦᠷᠭᠡᠨ | ᠴᠤᠭᠯᠠᠭᠤᠯᠵᠤ ᠂ ᠤᠯᠠᠭᠠᠨ ᠡᠯᠢᠭᠡᠪᠴᠢ ᠡᠮᠦᠰᠴᠦ᠂ ᠭᠠᠷ ᠲᠠᠭᠠᠨ ᠱᠦᠭᠦᠷ᠂ ᠲᠡᠮᠦᠷ ᠬᠦᠷᠵᠡ ᠵᠡᠷᠭᠡ ᠪᠠᠭᠠᠵᠢ | ᠬᠡᠷᠡᠭᠰᠡᠯ ᠪᠠᠷᠢᠵᠤ᠂ ᠳᠤᠭᠤᠶᠢᠯᠠᠩ ᠬᠤᠪᠢᠶᠠᠨ ᠬᠠᠷᠢᠶ᠎ᠠ ᠲᠣᠭᠤᠷᠢᠭ ᠤᠨ ᠠᠷᠤ ᠵᠡᠭᠡᠯᠢ ᠭᠤᠳᠤᠮᠵᠢ᠂ ᠡᠷᠡᠭᠦᠯ | ᠬᠠᠮᠠᠭᠠᠯᠠᠯ ᠤᠨ ᠪᠠᠯᠠᠶ ᠣᠷᠣᠨ ᠵᠡᠷᠭᠡ 20 ᠭᠠᠷᠤᠶ ᠮᠤᠵᠢᠭᠤᠳᠠ ᠥᠨᠴᠥᠭ ᠪᠤᠯᠤᠩ ᠳᠤ ᠬᠡᠪᠢᠰ ᠮᠠᠶ᠋ᠢᠭ ᠤᠨ | ᠴᠡᠪᠡᠷᠯᠡᠭᠡ ᠬᠢᠪᠡ᠃ ᠤᠯᠠᠨ ᠢᠶᠠᠷ ᠢᠶᠠᠨ ᠠᠵᠢᠯ ᠬᠤᠪᠢᠶᠠᠷᠢᠯᠠᠨ ᠬᠠᠮᠵᠢᠯᠴᠠᠵᠤ᠂ ᠡᠷᠴᠢ ᠵᠣᠷᠢᠭ ᠲᠡᠭᠦᠯᠳᠡᠷ ᠪᠠᠶᠢᠵᠤ᠂ | ᠬᠡᠳᠦᠨ ᠴᠠᠭ ᠡᠷᠡᠯᠬᠡᠭᠯᠡᠨ ᠪᠠᠶᠢᠯᠳᠤᠵᠤ᠂ ᠪᠤᠵᠠᠷ ᠰᠠᠮᠠᠭᠤᠨ ᠣᠷᠣᠨ ᠪᠦᠰᠡ ᠲᠠᠬᠢᠨ ᠴᠡᠪᠡᠷ ᠴᠡᠮᠴᠡᠭᠡᠷ ᠪᠤᠯᠵᠤ᠂ | ᠨᠡᠶᠢᠭᠡᠮ ᠲᠣᠭᠤᠷᠢᠭ ᠤᠨ ᠳᠦᠷᠰᠦ ᠪᠠᠶᠢᠳᠠᠯ ᠴᠣ᠋ ᠰᠢᠨ᠎ᠡ ᠪᠤᠯᠵᠤ᠂ ᠰᠠᠭᠤᠭᠠᠯᠢ ᠠᠷᠠᠳ ᠤᠨ ᠬᠦᠷᠲᠡᠮᠵᠢ ᠶᠢᠨ | ᠲᠦᠷᠦᠭᠳᠡᠯ ᠪᠣᠯᠤᠨ ᠵᠣᠯ ᠵᠢᠷᠭᠠᠯ ᠤᠨ ᠲᠦᠷᠦᠭᠳᠡᠯ ᠢᠯᠡᠳᠲᠡ ᠳᠡᠭᠡᠭᠰᠢᠯᠡᠪᠡ᠃ | | | ᠨᠠᠰᠤᠲᠠᠶᠢᠴᠤᠳ ᠤᠨ ᠬᠠᠯᠠᠮᠵᠢᠯᠠᠯ ︽ᠰᠡᠳᠬᠢᠯ ᠢ ᠳᠤᠯᠠᠭᠠᠴᠠᠭᠤᠯᠤᠨ ᠴᠢᠨᠠᠷ ᠢ ᠳᠡᠭᠡᠭᠰᠢᠯᠡᠭᠦᠯᠵᠦ︾᠂ | ᠨᠠᠮ ᠤᠨ ᠪᠠᠶᠢᠭᠤᠯᠤᠯᠲᠠ ᠶᠢᠨ ᠳᠤᠯᠠᠭᠠᠨ ᠤ ᠬᠡᠯᠬᠢᠶ᠎ᠡ ᠶᠢ ᠳᠠᠮᠵᠢᠭᠤᠯᠪᠠ | ᠬᠠᠮᠲᠤ ᠪᠠᠷ ᠪᠠᠶᠢᠭᠤᠯᠬᠤ ᠨᠢᠭᠡᠴᠢ ᠭᠠᠭᠴᠠᠭᠠᠷ ᠰᠠᠭᠤᠭ᠎ᠠ ᠨᠠᠰᠤᠲᠠᠳ ᠢ ᠭᠤᠣᠯᠳᠠᠯᠭ᠎ᠠ ᠪᠣᠯᠬᠤ ᠦᠢᠯᠡᠴᠢᠯᠡᠬᠦ | ᠡᠲᠡᠭᠡᠳ ᠲᠤ ᠣᠷᠣᠭᠤᠯᠵᠤ ᠰᠠᠶᠢᠨ ᠳᠤᠷ᠎ᠠ ᠶᠢᠨ ᠦᠢᠯᠡᠴᠢᠯᠡᠭᠴᠢᠳ ᠢ ᠵᠣᠬᠢᠶᠠᠨ ᠪᠠᠢᠭᠤᠯᠵᠤ ᠭᠡᠷ ᠲᠤ ᠨᠢ ᠬᠦᠷᠴᠦ | ᠦᠢᠯᠡᠴᠢᠯᠡᠭᠡ ᠦᠷᠨᠢᠭᠦᠯᠪᠡ ᠃ ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠤᠲᠠᠶᠢᠴᠤᠳ ᠲᠤ ᠰᠢᠯ ᠵᠦᠯᠭᠦᠵᠦ᠂ ᠭᠡᠷ | ᠪᠠᠶᠢᠰᠢᠩ ᠢ ᠨᠢ ᠴᠡᠪᠡᠷᠯᠡᠵᠦ᠂ ᠬᠤᠪᠴᠠᠰᠤ ᠬᠤᠨᠠᠷ ᠢ ᠨᠢ ᠡᠮᠬᠢᠯᠡᠵᠦ ᠥᠭᠭᠦᠭᠰᠡᠨ ᠢᠶᠠᠷ ᠪᠠᠷᠠᠬᠤ ᠦᠭᠡᠢ ᠪᠠᠰᠠ | ᠨᠠᠰᠤᠲᠠᠳ ᠲᠠᠢ ᠵᠣᠭᠤᠭᠳᠠᠵᠤ᠂ ᠰᠡᠳᠬᠢᠯ ᠤᠨ ᠳᠠᠭᠤᠨ ᠢ ᠨᠢ ᠰᠣᠨᠣᠰᠴᠤ᠂ ᠠᠮᠢᠳᠤᠷᠠᠯ ᠤᠨ ᠬᠡᠷᠡᠭᠴᠡᠭᠡ | ᠱᠠᠭᠠᠷᠳᠠᠯᠭ᠎ᠠ ᠪᠣᠯᠤᠨ ᠡᠷᠡᠭᠦᠯ ᠮᠡᠨᠳᠦ ᠶᠢᠨ ᠪᠠᠶᠢᠳᠠᠯ ᠢ ᠨᠢ ᠨᠠᠷᠢᠨ ᠣᠶᠢᠯᠠᠭᠠᠪᠠ᠃ 80 ᠭᠠᠷᠤᠢ ᠨᠠᠰᠤᠲᠠᠢ ᠵᠠᠩ | ᠡᠪᠦᠭᠡ᠄ ︽ᠰᠠᠶᠢᠨ ᠳᠤᠷ᠎ᠠ ᠶᠢᠨ ᠦᠢᠯᠡᠴᠢᠯᠡᠭᠴᠢ ᠨᠠᠮᠠᠶᠢ ᠦᠷᠭᠦᠯᠵᠢ ᠦᠵᠡᠬᠦ ᠪᠠᠷ ᠢᠷᠡᠵᠦ ᠂ ᠨᠠᠳᠠ ᠳᠤ ᠬᠠᠨᠢ | ᠪᠣᠯᠵᠤ ᠵᠣᠭᠤᠭᠲᠠᠵᠤ ᠪᠤᠬᠢᠨᠢᠳᠤᠯ ᠢ ᠲᠠᠶᠢᠯᠵᠤ ᠂ ᠰᠡᠳᠬᠢᠯ ᠳᠣᠲᠣᠷ᠎ᠠ ᠮᠠᠰᠢ ᠬᠠᠯᠠᠭᠤᠮᠰᠤᠭ ᠰᠠᠨᠠᠭᠳᠠᠨ᠎ᠠ ︾ ᠭᠡᠵᠦ | ᠰᠡᠳᠭᠢᠯ ᠳᠣᠭᠳᠤᠯᠤᠨ ᠬᠡᠯᠡᠪᠡ ᠃ ᠡᠨᠡ ᠲᠥᠷᠥᠯ ᠤᠨ ᠦᠢᠯᠡᠴᠢᠯᠡᠭᠡ ᠨᠢ ᠨᠠᠰᠤᠲᠠᠳ ᠤᠨ ᠣᠷᠣᠨ ᠰᠠᠭᠤᠴᠠ ᠶᠢᠨ | ᠣᠷᠴᠢᠨ ᠲᠣᠭᠤᠷᠢᠨ ᠢ ᠦᠨᠡᠨ ᠬᠦ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠨᠠᠰᠤᠲᠠᠶᠢᠴᠤᠳ ᠲᠤ | ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠰᠡᠳᠬᠢᠯ ᠵᠢᠷᠦᠬᠡ ᠶᠢ ᠨᠢ ᠤᠮᠳᠠᠯᠠᠪᠠ ᠃ | | | ᠡᠨᠡ ᠬᠦ ᠰᠢᠷᠢᠰ ᠠᠵᠢᠯᠯᠠᠭ᠎ᠠ ᠶᠢ ᠥᠷᠨᠢᠭᠦᠯᠦᠭᠰᠡᠨ ᠨᠢ ᠬᠠᠮᠲᠤ ᠪᠠᠷ ᠪᠠᠶᠢᠭᠤᠯᠬᠤ ᠨᠢᠭᠡᠴᠢ ᠶᠢᠨ ︽ᠬᠤᠣᠰ | ᠨᠡᠷ᠎ᠡ ᠮᠡᠳᠡᠭᠦᠯᠬᠦ᠂ ᠬᠤᠣᠰ ᠦᠢᠯᠡᠴᠢᠯᠡᠭᠡ᠂ ᠬᠤᠣᠰ ᠮᠡᠳᠡᠭᠦᠯᠦᠯᠲᠡ︾ ᠶᠢᠨ ᠲᠣᠭᠲᠠᠴᠠ ᠶᠢ ᠦᠢᠯᠡᠳᠦᠯᠭᠡᠵᠢᠭᠦᠯᠬᠦ | ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠵᠦ᠂ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ | ᠪᠠᠲᠤ ᠪᠠᠬᠢ ᠬᠦᠴᠦᠨ ᠴᠢᠳᠠᠯ ᠡᠷᠭᠦᠪᠡ᠃ ᠢᠷᠡᠭᠡᠳᠦᠢ ᠳᠤ᠂ ᠰᠢᠨ ᠸᠠᠩ ᠨᠡᠶᠢᠭᠡᠮ ᠲᠣᠭᠤᠷᠢᠭ ᠤᠨ ᠬᠢᠨ ᠬᠠᠮᠲᠤᠪᠠᠷ | ᠪᠠᠶᠢᠭᠤᠯᠬᠤ ᠨᠢᠭᠡᠴᠢ ᠯᠦᠭᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠬᠢ ᠪᠠᠶᠠᠯᠢᠭ ᠢᠶᠠᠨ ᠨᠡᠶᠢᠳᠬᠡᠵᠦ᠂ | ᠣᠨᠤᠪᠴᠢᠲᠠᠢ ᠦᠢᠯᠡᠴᠢᠯᠡᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠦᠷᠦᠭᠳᠡᠯ ᠪᠣᠯᠤᠨ ᠬᠦᠷᠲᠡᠮᠵᠢ ᠶᠢᠨ | ᠲᠦᠷᠦᠭᠳᠡᠯ ᠢ ᠦᠷᠭᠦᠯᠵᠢᠯᠡᠨ ᠳᠡᠭᠡᠭᠰᠢᠯᠡᠭᠦᠯᠵᠦ᠂ ᠨᠡᠩ ᠬᠠᠯᠠᠭᠤᠨ ᠳᠤᠯᠠᠭᠠᠨ ᠵᠣᠯ ᠵᠢᠷᠭᠠᠯᠲᠤ ᠭᠡᠷ ᠣᠷᠣᠨ ᠢ ᠭᠠᠷ | ᠬᠤᠯᠪᠣᠨ ᠴᠣᠭᠴᠠᠯᠠᠨ᠎ᠠ᠃ | |