ᠪᠣᠯᠪᠠᠰᠤᠨ ᠤ ᠦᠢᠯᠡᠳᠦᠯᠭᠡ ᠪᠠᠷ ᠰᠠᠭᠤᠭᠠᠯᠢ ᠠᠷᠠᠳ ᠤᠨ ᠵᠣᠯ ᠵᠢᠷᠭᠠᠯᠲᠤ ᠠᠮᠢᠳᠤᠷᠠᠯ ᠢ ᠭᠡᠷᠡᠯᠲᠦᠭᠦᠯᠪᠡ
ᠨᠡᠶᠢᠲᠡᠯᠡᠭᠰᠡᠨ ᠴᠠᠭ᠄
2025/7/10
        ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠭᠦᠨᠵᠡᠭᠡᠢ ᠠᠬᠢᠭᠤᠯᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠰᠢᠨ ᠸᠠᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠡᠬᠢ ᠪᠠᠶᠠᠯᠢᠭ ᠢᠶᠠᠨ ᠢᠳᠡᠪᠬᠢᠲᠡᠢ ᠨᠡᠶᠢᠳᠬᠡᠵᠦ᠂ ᠠᠯᠢ ᠤᠯᠠᠨ ︽ᠭᠡᠷ ᠤᠨ ᠡᠭᠦᠳᠡᠨ ︾  ᠳᠠᠬᠢ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠵᠤ᠂ ᠰᠠᠭᠤᠭᠠᠯᠢ ᠠᠷᠠᠳ ᠤᠨ ᠳᠡᠷᠭᠡᠳᠡᠬᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠨᠳᠦᠷᠯᠢᠭ ᠢ ᠪᠠᠶᠢᠭᠤᠯᠵᠤ᠂ ᠪᠣᠯᠪᠠᠰᠤᠨ ᠤ ᠴᠡᠴᠡᠭ ᠢ ᠨᠡᠶᠢᠭᠡᠮ ᠲᠣᠭᠤᠷᠢᠭ ᠲᠤ ᠭᠤᠶᠢᠳᠠ ᠰᠠᠶᠢᠬᠠᠨ ᠳᠡᠯᠭᠡᠷᠡᠭᠦᠯᠪᠡ ᠃        ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠯᠲᠠ ᠨᠢ ᠦᠨᠳᠦᠰᠦᠨ ᠱᠠᠲᠤᠨ ᠳᠤ ᠣᠶᠢᠷᠠᠲᠤᠵᠤ᠂ ᠤᠨᠤᠯ ᠢᠶᠠᠷ ᠰᠡᠳᠭᠢᠯ ᠢ ᠤᠮᠳᠠᠯᠠᠵᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠪᠠ        ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠤᠨ ᠳᠤᠮᠳᠠ᠂ ᠰᠢᠨ ᠸᠠᠩ ᠨᠡᠶᠢᠭᠡᠮ ᠲᠣᠭᠤᠷᠢᠭ ᠤᠨ  ᠬᠢᠨ ᠥᠷᠭᠡᠴᠡ ᠪᠣᠯᠤᠨ ᠭᠦᠨᠴᠡ ᠪᠠᠨ ᠥᠷᠭᠡᠳᠬᠡᠬᠦ ᠪᠠᠷ ᠴᠢᠷᠮᠠᠶᠢᠪᠠ᠃ ᠳᠡᠭᠡᠷ᠎ᠡ ᠬᠠᠭᠠᠰ ᠵᠢᠯ ᠳᠤ᠂ ︽ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︾ ᠳᠤ ᠲᠦᠰᠢᠭᠯᠡᠨ᠂ ᠪᠢᠳᠡ ᠨᠡᠶᠢᠭᠡᠮ ᠲᠣᠭᠤᠷᠢᠭ ᠤᠨ ᠬᠠᠮᠲᠤᠷᠠᠭᠰᠠᠨ ᠰᠤᠷᠤᠯᠭ᠎ᠠ ᠶᠢᠨ ᠠᠵᠢᠯᠯᠠᠭ᠎ᠠ ᠶᠢ 2 ᠲᠠᠯᠠᠪᠤᠷ ᠥᠷᠨᠢᠭᠦᠯᠵᠦ᠂ 30 ᠭᠠᠷᠤᠶ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ᠂ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠶᠢ ᠨᠡᠶᠢᠭᠡᠮ ᠲᠣᠭᠤᠷᠢᠭ ᠤᠨ 7 ᠲᠣᠣᠷᠵᠢᠯ ᠬᠦᠷᠲᠡᠯ᠎ᠡ ᠤᠷᠲᠤᠳᠬᠠᠵᠤ᠂ ᠰᠠᠭᠤᠭᠠᠯᠢ ᠠᠷᠠᠳ ᠢ 100 ᠭᠠᠷᠤᠶ ᠬᠥᠮᠦᠨ ᠤᠳᠠᠭ᠎ᠠ ᠬᠠᠮᠤᠷᠴᠤ᠂ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠲᠣᠣᠷᠵᠢᠯ ᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃        ᠤᠬᠠᠭᠤᠯᠤᠨ ᠲᠠᠶᠢᠯᠪᠤᠷᠢᠯᠠᠬᠤ ᠦᠶ᠎ᠡ ᠳᠤ᠂ ᠪᠢᠳᠡ ᠰᠠᠭᠤᠭᠠᠯᠢ ᠠᠷᠠᠳ ᠤᠨ ᠳᠡᠷᠭᠡᠳᠡᠬᠢ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠭᠡᠬᠦ ᠡᠨᠡ ᠬᠦ ᠪᠣᠳᠠᠲᠤ ᠶᠠᠪᠤᠳᠠᠯ ᠤᠨ ᠲᠣᠭᠤᠷᠢᠨ ᠳᠤ᠂ ︽ᠨᠡᠶᠢᠭᠡᠮ ᠲᠣᠭᠤᠷᠢᠭ ᠤᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠬᠦ︾ ᠬᠠᠮᠢᠶ᠎ᠠ ᠪᠦᠬᠦᠢ ᠤᠨᠤᠯ ᠲᠠᠢ ᠤᠶᠠᠯᠳᠤᠭᠤᠯᠵᠤ᠂ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠬᠠᠷᠢᠶ᠎ᠠ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠰᠡᠯᠪᠢᠨ ᠵᠠᠰᠠᠬᠤ ᠠᠵᠢᠯ ᠢ ᠥᠷᠨᠢᠭᠦᠯᠪᠡ᠃ ᠰᠠᠶᠢᠨ ᠳᠤᠷ᠎ᠠ ᠶᠢᠨ ᠠᠵᠢᠯᠯᠠᠭᠴᠢᠳ ᠥᠪᠡᠷ ᠢᠶᠠᠨ ᠪᠠᠭᠠᠵᠢ ᠬᠡᠷᠡᠭᠰᠡᠯ ᠢᠶᠠᠨ ᠠᠪᠴᠤ᠂ ᠡᠪᠳᠡᠷᠡᠵᠦ ᠬᠠᠭᠤᠴᠢᠷᠠᠭᠰᠠᠨ ᠪᠠᠭᠠᠵᠢ ᠬᠡᠷᠡᠭᠰᠡᠯ ᠤᠨ ᠭᠠᠳᠠᠷ ᠬᠠᠯᠢᠰᠤ ᠶᠢ ᠰᠡᠯᠪᠢᠨ ᠵᠠᠰᠠᠵᠤ᠂ ᠬᠠᠭᠤᠴᠢᠷᠠᠭᠰᠠᠨ ᠰᠡᠯᠪᠢᠭ ᠲᠣᠨᠤᠭ ᠢ ᠰᠣᠯᠢᠵᠤ᠂ ᠤᠤᠯ ᠨᠢ ᠬᠡᠯᠪᠡᠯᠵᠡᠵᠦ ᠪᠠᠶᠢᠭᠰᠠᠨ ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭᠰᠠᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠳᠠᠬᠢᠨ ᠪᠠᠲᠤᠳᠬᠠᠵᠤ ᠬᠡᠷᠡᠭᠯᠡᠵᠦ ᠪᠣᠯᠬᠤ ᠪᠣᠯᠭᠠᠪᠠ ᠃ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠵᠣᠪᠠᠨᠢᠯ ᠢ ᠠᠷᠢᠯᠭᠠᠵᠤ᠂ ᠤᠨᠤᠯ ᠤᠨ ᠤᠬᠠᠭᠤᠯᠤᠨ ᠲᠠᠶᠢᠯᠪᠤᠷᠢᠯᠠᠯᠲᠠ ᠪᠠ ᠠᠷᠠᠳ ᠲᠦᠮᠡᠨ ᠳᠤ ᠦᠢᠯᠡᠴᠢᠯᠡᠬᠦ ᠶᠢ ᠵᠡᠷᠭᠡᠪᠡᠷ ᠠᠬᠢᠭᠤᠯᠵᠤ᠂ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠤᠨ ᠰᠢᠨ᠎ᠡ ᠬᠠᠭᠤᠳᠠᠰᠤ ᠶᠢ ᠭᠠᠷ ᠬᠤᠯᠪᠣᠨ ᠵᠢᠷᠤᠭᠯᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠦᠨᠡᠨ ᠬᠦ ᠡᠭᠡᠯ ᠠᠷᠠᠳ ᠤᠨ ᠭᠡᠷ ᠲᠤ ᠬᠦᠷᠭᠡᠵᠡᠢ ᠃
wps_doc_0.png
        ᠰᠣᠶᠣᠯ ᠤᠨ ᠠᠵᠢᠯᠯᠠᠭ᠎ᠠ ᠠᠮᠢᠵᠢᠷᠠᠯ ᠤᠨ ᠬᠦᠴᠦᠨ ᠣᠯᠭᠤᠵᠤ᠂ ᠪᠠᠶᠠᠷ ᠪᠠᠶᠠᠰᠬᠤᠯᠠᠩ ᠢᠶᠠᠷ ᠠᠷᠠᠳ ᠤᠨ ᠰᠡᠳᠬᠢᠯ ᠢ ᠳᠤᠯᠠᠭᠠᠴᠠᠭᠤᠯᠪᠠ        ᠰᠤᠶᠤᠯ ᠤᠨ ᠠᠮᠢᠳᠤᠷᠠᠯ ᠪᠣᠯ ᠠᠷᠠᠳ ᠤᠨ ᠰᠡᠳᠬᠢᠯ ᠢ ᠨᠢᠭᠲᠠᠷᠠᠭᠤᠯᠬᠤ ᠴᠢᠬᠤᠯᠠ ᠬᠤᠯᠪᠣᠭᠠᠰᠤ ᠮᠥᠨ᠃ ᠰᠢᠨ ᠸᠠᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠢ ᠰᠠᠭᠤᠭᠠᠯᠢ ᠠᠷᠠᠳ ᠤᠨ ᠠᠳᠠᠯᠢ ᠪᠤᠰᠤ ᠨᠠᠰᠤ  ᠵᠢᠯ ᠂ ᠳᠤᠷ᠎ᠠ ᠰᠣᠨᠢᠷᠬᠠᠯ ᠤᠨ ᠬᠡᠷᠡᠭᠴᠡᠭᠡ ᠶᠢ ᠴᠢᠩᠭ᠎ᠠ ᠡᠵᠡᠮᠳᠡᠵᠦ᠂ ᠤᠯᠠᠨ ᠡᠰᠢᠲᠦ ᠠᠵᠢᠯᠯᠠᠭ᠎ᠠ ᠶᠢ ᠨᠠᠷᠢᠨ ᠨᠢᠮᠪᠠᠢ ᠲᠥᠯᠥᠪᠯᠡᠵᠡᠢ᠃ ᠨᠠᠰᠤᠲᠠᠶᠢᠴᠤᠳ ᠤᠨ ᠬᠠᠮᠲᠤᠯᠢᠭ ᠲᠤ ᠤᠷᠠᠨ ᠪᠢᠴᠢᠯᠭᠡ ᠤᠷᠠᠨ ᠵᠢᠷᠤᠭ ᠤᠨ ᠠᠩᠭᠢ ᠨᠡᠬᠡᠭᠡᠵᠦ ᠂ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠬᠢᠵᠦ᠂ ᠨᠠᠰᠤᠲᠠᠶᠢᠴᠤᠳ ᠢ ᠪᠢᠷ ᠤᠨ ᠲᠠᠰᠤᠯᠭ᠎ᠠ᠂ ᠮᠡᠳᠡᠯᠭᠡ ᠶᠢᠨ ᠳᠤᠮᠳᠠ ᠪᠠᠶᠠᠷ ᠪᠠᠶᠠᠰᠤᠯ ᠢ ᠡᠳ᠋ᠯᠡᠭᠦᠯᠪᠡ︔ ᠵᠠᠯᠠᠭᠤᠴᠤᠳ ᠪᠠᠭᠠᠴᠤᠳ ᠲᠤ ᠳᠤᠷ᠎ᠠ ᠰᠣᠨᠢᠷᠬᠠᠯ ᠢ ᠬᠥᠮᠦᠵᠢᠭᠦᠯᠬᠦ ᠬᠢᠴᠢᠶᠡᠯ ᠤᠨ ᠲᠠᠩᠬᠢᠮ ᠪᠠᠶᠢᠭᠤᠯᠵᠤ᠂ ᠦᠰᠦᠨ ᠪᠤᠶᠢᠵᠢᠬᠤ ᠳᠤ ᠬᠦᠴᠦᠨ ᠨᠡᠮᠡᠷᠢᠯᠡᠪᠡ︔ ᠪᠦᠬᠦ ᠰᠠᠭᠤᠭᠠᠯᠢ ᠠᠷᠠᠳ ᠲᠤ ᠬᠠᠨᠳᠤᠭᠤᠯᠤᠨ ᠨᠣᠮ ᠤᠩᠰᠢᠬᠤ ᠬᠤᠷᠠᠯ᠂ ᠭᠠᠷ ᠤᠷᠠᠯᠠᠯ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠣᠯᠢᠯᠴᠠᠭᠠᠨ ᠤ ᠲᠠᠪᠴᠠᠩ ᠪᠠᠶᠢᠭᠤᠯᠪᠠ᠃ ᠡᠲᠡᠭᠡᠷ ᠬᠡᠪᠰᠢᠭᠰᠡᠨ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠢ ᠬᠥᠷ ᠬᠥᠭᠵᠢᠶᠡᠨ ᠲᠠᠢ ᠪᠣᠯᠭᠠᠵᠤ᠂ ᠰᠠᠭᠤᠭᠠᠯᠢ ᠠᠷᠠᠳ ᠤᠨ ᠬᠠᠶᠢᠷ᠎ᠠ ᠰᠡᠳᠬᠢᠯᠭᠡ ᠪᠠᠨ ᠰᠣᠯᠢᠯᠴᠠᠬᠤ᠂ ᠮᠡᠳᠡᠯᠭᠡ ᠪᠠᠨ ᠨᠡᠮᠡᠭᠳᠡᠭᠦᠯᠬᠦ᠂ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ︽ᠡᠨᠧᠷᠭᠢ ᠶᠢᠨ ᠥᠷᠲᠡᠭᠡ︾ ᠪᠣᠯᠤᠭᠰᠠᠨ ᠪᠠᠶᠢᠨ᠎ᠠ᠃
        ᠰᠠᠶᠢᠨ ᠳᠤᠷ᠎ᠠ ᠶᠢᠨ ᠦᠢᠯᠡᠴᠢᠯᠡᠭᠡ ᠳᠤ ᠰᠢᠨ᠎ᠡ ᠶᠢ ᠡᠭᠦᠳᠦᠨ᠂ ᠨᠠᠰᠤᠲᠠᠶᠢᠴᠤᠳ ᠤᠨ ᠬᠦᠴᠦᠨ ᠵᠠᠯᠭᠠᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠪᠡ        ᠰᠢᠨ ᠸᠠᠩ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ᠂ ᠣᠯᠠᠨ ᠲᠦᠮᠡᠨ ᠤ ᠳᠤᠮᠳᠠᠬᠢ ︽ᠨᠠᠰᠤᠲᠠᠶᠢᠴᠤᠳ ᠤᠨ ᠬᠦᠴᠦᠨ︾ ᠢ ᠭᠦᠨ ᠠᠭᠤᠳᠠᠯᠵᠤ᠂ ︽ᠤᠯᠠᠭᠠᠨ ᠡᠰ︾ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠪᠠ᠃ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ ︾ ᠵᠠᠭᠪᠤᠷ ᠢ ᠬᠡᠷᠡᠭᠯᠡᠨ᠂ ᠦᠢᠯᠡᠴᠢᠯᠡᠭᠡ ᠨᠢ ᠬᠡᠷ ᠤᠨ ᠴᠠᠬᠢᠯᠭᠠᠨ ᠬᠡᠷᠡᠭᠰᠡᠯ ᠢ ᠰᠡᠯᠪᠢᠨ ᠵᠠᠰᠠᠬᠤ᠂ ᠠᠯᠪᠠᠨ ᠵᠢᠷᠤᠮ ᠤᠨ ᠦᠰᠦ ᠵᠠᠰᠠᠬᠤ᠂ ᠵᠥᠷᠢᠴᠡᠯ ᠢ ᠡᠶᠡᠳᠡᠭᠦᠯᠬᠦ ᠵᠡᠷᠭᠡ ᠬᠦᠷᠢᠶ᠎ᠡ ᠴᠠᠷᠠᠭ᠎ᠠ ᠶᠢ ᠬᠠᠮᠤᠷᠪᠠ᠃ ︽ᠨᠠᠰᠤᠲᠠᠨ ᠢᠶᠠᠷ ᠨᠠᠰᠤᠲᠠᠶᠢᠴᠤᠳ ᠢ ᠬᠠᠪᠰᠤᠷᠬᠤ︾ ᠵᠠᠭᠪᠤᠷ ᠤᠨ ᠰᠢᠨ᠎ᠡ ᠶᠢ ᠡᠭᠦᠳᠦᠨ ᠭᠠᠷᠭᠠᠵᠤ᠂ ᠳᠣᠣᠷ᠎ᠠ  ᠨᠠᠰᠤᠨ ᠤ ᠨᠠᠰᠤᠲᠠᠶᠢᠴᠤᠳ ᠢ ᠵᠣᠬᠢᠶᠠᠨ ᠪᠠᠶᠢᠭᠤᠯᠤᠨ ᠥᠨᠳᠥᠷ ᠨᠠᠰᠤᠲᠠᠶ ᠨᠠᠰᠤᠲᠠᠶᠢᠴᠤᠳ ᠲᠤ ᠣᠷᠣᠯᠠᠨ ᠬᠤᠳᠠᠯᠳᠤᠨ ᠠᠪᠴᠤ ᠣᠷᠣᠯᠠᠨ ᠭᠦᠢᠴᠡᠳᠭᠡᠬᠦ᠂ ᠪᠠᠷ᠎ᠠ ᠪᠣᠯᠵᠣ ᠵᠣᠭᠤᠭᠳᠠᠬᠤ ᠵᠡᠷᠭᠡ ᠦᠢᠯᠡᠴᠢᠯᠡᠭᠡ ᠬᠠᠩᠭᠠᠵᠤ᠂ ᠰᠠᠶᠢᠨ ᠣᠷᠴᠢᠯ ᠢ ᠪᠠᠶᠢᠭᠤᠯᠤᠨ᠂ ᠨᠠᠰᠤᠲᠠᠶᠢᠴᠤᠳ ᠢ ᠨᠡᠶᠢᠭᠡᠮ ᠲᠣᠭᠤᠷᠢᠭ ᠤᠨ ᠵᠠᠰᠠᠯᠲᠠ ᠳᠤ ᠭᠦᠨᠵᠡᠭᠡᠶ ᠣᠷᠣᠯᠴᠠᠭᠤᠯᠵᠤ᠂ ᠨᠠᠰᠤᠲᠠᠶᠢᠴᠤᠳ ᠤᠨ ᠢᠯᠴᠢ ᠶᠢ ᠰᠠᠴᠤᠷᠠᠭᠤᠯᠵᠤ᠂ ᠬᠠᠷᠢᠯᠴᠠᠨ ᠬᠠᠪᠰᠤᠷᠤᠯᠴᠠᠬᠤ ᠬᠠᠶᠢᠷ᠎ᠠ ᠰᠡᠳᠬᠢᠯᠭᠡ ᠶᠢ ᠳᠠᠮᠵᠢᠭᠤᠯᠪᠠ ᠃
wps_doc_3.png
        ᠡᠳᠦᠭᠡ᠂ ᠰᠢᠨ ᠸᠠᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠡᠯ᠎ᠡ ᠲᠦᠷᠦᠯ ᠤᠨ ᠤᠶᠤᠨ ᠤ ᠰᠣᠶᠣᠯ ᠤᠨ ᠠᠵᠢᠯᠯᠠᠭ᠎ᠠ ᠨᠢ ᠨᠠᠮ ᠪᠠ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠦᠷᠦᠭᠳᠡᠯ ᠢ ᠳᠡᠭᠡᠭᠰᠢᠯᠡᠭᠦᠯᠬᠦ ᠪᠠᠲᠤ ᠬᠤᠯᠪᠣᠭᠠᠰᠤ ᠪᠤᠯᠵᠤ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠪᠠᠶᠠᠷᠯᠠᠨ ᠢᠨᠢᠶᠡᠯᠴᠡᠬᠦ ᠳᠠᠭᠤᠨ  ᠲᠠᠰᠤᠷᠠᠬᠤ ᠦᠭᠡᠢ ᠃ ᠢᠷᠡᠭᠡᠳᠦᠶ ᠳᠤ᠂ ᠰᠢᠨ ᠸᠠᠩ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠪᠠᠷ ᠵᠢᠭᠰᠠᠭᠠᠯ ᠤᠨ ᠭᠠᠵᠠᠷ ᠪᠣᠯᠭᠠᠵᠤ᠂ ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠠᠭᠤᠯᠭ᠎ᠠ ᠶᠢ ᠪᠠᠶᠠᠯᠢᠭᠵᠢᠭᠤᠯᠤᠨ᠂ ᠰᠠᠭᠤᠭᠠᠯᠢ ᠠᠷᠠᠳ ᠲᠤ ᠨᠠᠩ ᠴᠢᠨᠠᠷ ᠰᠠᠶᠢᠲᠠᠶ ᠣᠶᠤᠨ ᠰᠠᠨᠠᠭᠠᠨ ᠤ ᠰᠣᠶᠣᠯ ᠤᠨ ᠦᠢᠯᠡᠴᠢᠯᠡᠭᠡ ᠬᠦᠷᠭᠡᠵᠦ᠂ ᠵᠣᠯ ᠵᠢᠷᠭᠠᠯᠲᠤ ᠠᠮᠢᠳᠤᠷᠠᠯ ᠢ ᠲᠤᠯᠠᠭᠠᠴᠠ   ᠲᠠᠢ ᠮᠦᠷᠲᠡᠭᠡᠨ ᠴᠢᠨᠠᠷ ᠰᠠᠶᠢᠲᠠᠶ ᠲᠥᠷᠥᠭᠳᠡᠯ ᠲᠠᠢ ᠪᠣᠯᠭᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠨ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号