﹇ᠤᠯᠤᠰ ᠤᠨ ᠨᠢᠭᠡᠳᠦᠯᠲᠡᠢ ᠰᠢᠯᠭᠠᠯᠲᠠ﹈ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠤᠨ ᠤᠯᠤᠰ ᠤᠨ  ᠨᠢᠭᠡᠳᠦᠯᠲᠡᠢ ᠰᠢᠯᠭᠠᠯᠲᠠ ᠳᠤ ᠡᠷᠡᠮᠡᠯᠵᠡᠯ ᠲᠠᠭᠯᠠᠬᠤ ᠬᠠᠪᠰᠤᠷᠤᠮᠵᠢ ᠰᠢᠰᠲ᠋ᠧᠮ ᠤᠨ ᠨᠠᠷᠢᠨ ᠲᠠᠶᠢᠯᠪᠤᠷᠢᠯᠠᠯᠲᠠ
ᠨᠡᠶᠢᠲᠡᠯᠡᠭᠰᠡᠨ ᠴᠠᠭ᠄
2025/7/10
        ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠢᠭᠡᠳᠦᠯᠲᠡᠢ  ᠰᠢᠯᠭᠠᠯᠲᠠ ᠳᠤ ᠡᠷᠡᠮᠡᠯᠵᠡᠯ ᠲᠠᠭᠯᠠᠬᠤ ᠬᠠᠪᠰᠤᠷᠤᠮᠵᠢ ᠰᠢᠰᠲ᠋ᠧᠮ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠤᠨ ᠮᠡᠳᠡᠭᠡ ᠵᠠᠩᠭᠢ ᠶᠢᠨ ᠮᠡᠷᠭᠡᠵᠢᠯ ᠤᠨ ᠭᠠᠵᠠᠷ ᠠᠴᠠ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠵᠦ᠂ 2021 ᠣᠨ ᠠᠴᠠ ᠡᠬᠢᠯᠡᠨ ᠲᠣᠰ ᠰᠢᠰᠲ᠋ᠧᠮ ᠠᠩᠬ᠎ᠠ ᠤᠳᠠᠭ᠎ᠠ ᠰᠦᠯᠵᠢᠶᠡᠨ ᠳᠤ ᠭᠠᠷᠴᠤ᠂ ᠨᠢᠭᠡᠨᠲᠡ 250 ᠲᠦᠮᠡ ᠭᠠᠷᠤᠶ ᠬᠥᠮᠦᠨ ᠤᠳᠠᠭ᠎ᠠ ᠳᠤ ᠦᠢᠯᠡᠴᠢᠯᠡᠪᠡ᠃ ᠰᠢᠰᠲ᠋ᠧᠮ ᠨᠢ ᠮᠠᠨ ᠤ ᠲᠣᠭᠤᠷᠢᠭ ᠤᠨ ᠰᠣᠷᠣᠭᠴᠢ ᠡᠯᠰᠡᠭᠰᠡᠨ 1500 ᠭᠠᠷᠤᠶ ᠳᠡᠭᠡᠳᠦ ᠰᠤᠷᠭᠠᠭᠤᠯᠢ᠂  2.8 ᠲᠦᠮᠡ ᠭᠠᠷᠤᠶ ᠲᠤᠰᠬᠠᠶ ᠮᠡᠷᠭᠡᠵᠢᠯ ᠤᠨ ᠡᠯᠰᠡᠭᠰᠡᠨ ᠲᠡᠦᠬᠡᠨ ᠲᠤᠭ᠎ᠠ ᠪᠠᠷᠢᠮᠲᠠ ᠵᠢᠴᠢ ᠲᠣᠰ ᠵᠢᠯ ᠤᠨ ᠲᠥᠯᠥᠪᠯᠡᠭᠡ ᠶᠢᠨ ᠲᠤᠭ᠎ᠠ ᠪᠠᠷᠢᠮᠲᠠ ᠶᠢ ᠬᠠᠮᠤᠷᠴᠤ᠂ ᠰᠢᠯᠭᠠᠭᠤᠯᠤᠭᠴᠢ ᠶᠢᠨ ᠶᠡᠭᠡ ᠳᠡᠭᠡᠳᠦ ᠰᠤᠷᠭᠠᠭᠤᠯᠢ᠂ ᠲᠤᠰᠬᠠᠶ ᠮᠡᠷᠭᠡᠵᠢᠯ ᠢ ᠰᠣᠩᠭᠤᠬᠤ ᠳᠤ ᠬᠦᠴᠢᠷᠲᠡᠶ ᠪᠠᠶᠢᠬᠤ ᠠᠰᠠᠭᠤᠳᠠᠯ ᠰᠢᠢᠳᠪᠦᠷᠢᠯᠡᠪᠡ ᠃        2025 ᠣᠨ ᠤ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ ᠂ ᠮᠠᠨ ᠤ ᠬᠤᠷᠢᠶ᠎ᠠ ᠰᠢᠰᠲ᠋ᠧᠮ ᠳᠤ ᠵᠣᠬᠢᠴᠠᠬᠤ ᠴᠢᠨᠠᠷᠲᠠᠶ ᠲᠠᠰ ᠳᠡᠪᠰᠢᠯᠲᠡ ᠬᠢᠵᠦ᠂ ᠭᠤᠤᠯᠳᠠᠭᠤ ᠳᠣᠤᠷᠠᠬᠢ ᠬᠤᠶᠠᠷ ᠲᠠᠯ᠎ᠠ ᠶᠢᠨ ᠴᠢᠬᠤᠯᠠ ᠶᠡᠭᠡ ᠬᠤᠪᠢᠷᠠᠯᠲᠠ ᠳᠤ ᠵᠣᠬᠢᠴᠠᠵᠠᠶ ᠄        ᠨᠢᠭᠡ ᠳᠤ ᠥᠩᠭᠡᠷᠡᠭᠰᠡᠨ ᠤ ᠨᠡᠶᠢᠭᠡᠮ ᠤᠨ ᠰᠢᠨᠵᠢᠯᠡᠬᠦ ᠤᠬᠠᠭᠠᠨ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠯᠠᠭ᠎ᠠ ᠬᠤᠪᠢᠶᠠᠬᠤ ᠪᠠᠶᠢᠭᠰᠠᠨ ᠠᠴᠠ ᠪᠠᠨ 12 ᠵᠦᠢᠯ ᠤᠨ ᠠᠳᠠᠯᠢ ᠪᠤᠰᠤ ᠰᠢᠨᠵᠢᠯᠡᠭᠡᠨ ᠤ ᠰᠠᠯᠠᠭ᠎ᠠ ᠰᠣᠩᠭᠤᠬᠤ ᠨᠡᠶᠢᠯᠡᠯ ᠪᠣᠯᠵᠤ ᠬᠤᠪᠢᠷᠠᠵᠠᠢ᠃ ᠬᠤᠶᠠᠷ ᠲᠤ᠂ ᠥᠩᠭᠡᠷᠡᠭᠰᠡᠨ ᠤ ᠬᠥᠳᠡᠯᠦᠩᠭᠦᠶ ᠨᠡᠷᠡᠰ ᠤᠨ ᠵᠢᠭᠰᠠᠭᠠᠯᠲᠠ ᠪᠠᠷ ᠣᠨᠤᠪᠴᠢᠲᠠᠢ ᠲᠣᠭᠲᠠᠭᠠᠬᠤ ᠡᠷᠡᠮᠡᠯᠵᠡᠯ ᠲᠠᠭᠯᠠᠬᠤ ᠵᠠᠭᠪᠤᠷ ᠠᠴᠠ ᠂ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠳᠤᠭᠤᠶᠢᠯᠠᠩ ᠤᠨ ᠵᠡᠷᠭᠡᠴᠡᠭᠡ ᠡᠷᠡᠮᠡᠯᠵᠡᠯ ᠲᠠᠭᠯᠠᠬᠤ ᠵᠠᠭᠪᠤᠷ ᠪᠣᠯᠭᠠᠨ ᠬᠤᠪᠢᠷᠠᠭᠤᠯᠪᠠ᠃        ᠳᠡᠰ ᠳᠡᠪᠰᠢᠭᠦᠯᠦᠭᠰᠡᠨ ᠤ ᠳᠠᠷᠠᠭ᠎ᠠ ᠰᠢᠰᠲ᠋ᠧᠮ ᠨᠢ ᠰᠢᠯᠭᠠᠭᠤᠯᠤᠭᠴᠢ ᠶᠢᠨ ᠪᠠᠶᠢᠷᠢ  ᠳᠠᠷᠠᠭᠠᠯᠠᠯ ᠢᠶᠠᠷ ᠬᠢᠴᠢᠶᠡᠯ ᠲᠥᠷᠥᠯ ᠬᠤᠪᠢᠶᠠᠨ ᠬᠥᠳᠡᠯᠦᠩᠭᠦᠶ ᠪᠠᠷ ᠪᠤᠳᠤᠬᠤ᠂ ᠰᠢᠯᠭᠠᠭᠤᠯᠤᠭᠴᠢ ᠶᠢᠨ ᠰᠣᠩᠭᠤᠬᠤ ᠰᠠᠯᠠᠭ᠎ᠠ ᠨᠢ ᠲᠥᠯᠥᠪᠯᠡᠭᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠶ ᠰᠤᠷᠤᠭᠴᠢ ᠡᠯᠰᠡᠬᠦ ᠲᠥᠯᠥᠪᠯᠡᠭᠡ ᠶᠢ ᠠᠦ᠋ᠲ᠋ᠤ᠋ ᠱᠦᠭᠦᠬᠦ ᠂ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠳᠤᠭᠤᠶᠢᠯᠠᠩ ᠤᠨ ᠡᠯᠰᠡᠭᠰᠡᠨ ᠲᠡᠦᠬᠡᠨ ᠲᠤᠭ᠎ᠠ ᠪᠠᠷᠢᠮᠲᠠ  ᠲᠠᠢ ᠠᠦ᠋ᠲ᠋ᠤ᠋  ᠬᠤᠯᠪᠤᠬᠤ ᠶᠢ ᠳᠡᠮᠵᠢᠨ᠎ᠡ᠃ ᠡᠭᠦᠨ ᠤ ᠬᠠᠮᠲᠤ᠂ ᠰᠢᠰᠲ᠋ᠧᠮ ᠨᠢ ᠨᠢᠭᠡᠨᠲᠡ ᠰᠤᠷᠭᠠᠨ ᠬᠥᠮᠦᠵᠢᠯ ᠤᠨ ᠶᠠᠮᠤᠨ ᠤ ᠨᠡᠷᠡᠨ ᠭᠡᠷᠡᠯᠲᠦ ᠰᠠᠶᠢᠨ ᠳᠤᠷ᠎ᠠ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮ ᠲᠠᠢᠵᠣᠯᠭᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠲᠠᠨᠢᠯᠴᠠᠭᠤᠯᠭ᠎ᠠ ᠵᠢᠴᠢ ᠦᠨᠡᠯᠡᠯᠲᠡ᠂ ᠠᠵᠢᠯ ᠮᠡᠷᠭᠡᠵᠢᠯ ᠤᠨ ᠠᠯᠤᠰ ᠢᠷᠡᠭᠡᠳᠦᠢ ᠵᠡᠷᠭᠡ ᠮᠡᠳᠡᠭᠡ ᠵᠠᠩᠭᠢ ᠶᠢ ᠬᠠᠩᠭᠠᠵᠤ᠂ ᠮᠠᠨ ᠤ ᠲᠣᠭᠤᠷᠢᠭ ᠯᠤᠭ᠎ᠠ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ ᠂ ᠨᠠᠩ ᠪᠥᠬᠦ ᠲᠠᠯ᠎ᠠ ᠶᠢᠨ᠂ ᠳᠥᠭᠦᠮ ᠳᠥᠲᠡ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠣᠶ ᠪᠣᠯᠭᠠᠪᠠ᠃        ᠳᠣᠣᠷ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ  ᠶᠢᠨ ᠬᠦᠷᠢᠶᠡᠯᠡᠩ ᠤᠨ ᠤᠯᠤᠰ ᠤᠨ ᠨᠢᠭᠡᠳᠦᠯᠲᠡᠢ ᠰᠢᠯᠭᠠᠯᠲᠠ ᠳᠤ ᠡᠷᠡᠮᠡᠯᠵᠡᠯ ᠲᠠᠭᠯᠠᠬᠤ ᠲᠤᠰᠠᠯᠠᠬᠤ ᠰᠢᠰᠲ᠋ᠧᠮ ᠤᠨ ᠬᠡᠷᠡᠭᠯᠡᠬᠦ ᠠᠷᠭ᠎ᠠ ᠶᠢ ᠲᠠᠨᠢᠯᠴᠠᠭᠤᠯᠤᠶ᠎ᠠ᠃        ᠰᠢᠯᠭᠠᠭᠤᠯᠤᠭᠴᠢ ᠪᠠ ᠬᠡᠷ ᠤᠨ ᠠᠬᠠᠮᠠᠳ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ ︽ᠠᠮᠤᠷ ᠲᠦᠪᠰᠢᠨ ᠤᠯᠤᠰ ᠤᠨ  ᠨᠢᠭᠡᠳᠦᠯᠲᠡᠢ ᠰᠢᠯᠭᠠᠯᠲᠠ︾ ᠶᠢᠨ ᠪᠤᠯᠤᠩ ᠳᠤ ᠡᠷᠡᠮᠡᠯᠵᠡᠯ ᠲᠠᠭᠯᠠᠬᠤ ᠬᠠᠪᠰᠤᠷᠤᠮᠵᠢ ᠰᠢᠰᠲ᠋ᠧᠮ ᠤᠨ ᠣᠷᠣᠬᠤ ᠡᠭᠦᠳᠡ ᠶᠢ ᠣᠯᠵᠤ᠂ ᠤᠯᠤᠰ ᠤᠨ  ᠨᠢᠭᠡᠳᠦᠯᠲᠡᠢ ᠰᠢᠯᠭᠠᠯᠲᠠ ᠶᠢᠨ ᠰᠢᠯᠭᠠᠭᠤᠯᠤᠭᠴᠢ ᠶᠢᠨ ᠳ᠋ᠤᠭᠠᠷ ᠪᠠ ᠨᠢᠭᠤᠴᠠ ᠨᠣᠮᠧᠷ ᠢᠶᠠᠷ ᠳᠠᠮᠵᠢᠭᠤᠯᠤᠨ ᠰᠢᠰᠲ᠋ᠧᠮ ᠢ ᠳᠠᠩᠰᠠᠯᠠᠵᠤ ᠪᠣᠯᠤᠨ᠎ᠠ᠃
图片 2.png
        ᠰᠤᠷᠤᠭᠴᠢ ᠡᠯᠰᠡᠬᠦ ᠲᠦᠯᠦᠪᠯᠡᠭᠡ        ᠰᠣᠷᠣᠭᠴᠢ ᠡᠯᠰᠡᠬᠦ ᠲᠥᠯᠥᠪᠯᠡᠭᠡ ᠶᠢᠨ ᠨᠢᠭᠤᠷ ᠳᠡᠭᠡᠷ᠎ᠡ ᠰᠢᠯᠭᠠᠭᠤᠯᠤᠭᠴᠢ ᠶᠡᠭᠡ ᠳᠡᠭᠡᠳᠦ ᠰᠤᠷᠭᠠᠭᠤᠯᠢ ᠶᠢᠨ ᠪᠠᠶᠢᠭ᠎ᠠ ᠭᠠᠵᠠᠷ᠂ ᠪᠦᠯᠦᠭ ᠤᠳᠠᠭ᠎ᠠ᠂ ᠬᠢᠴᠢᠶᠡᠯ ᠲᠥᠷᠥᠯ ᠵᠢᠴᠢ ᠳᠠᠬᠢᠨ  ᠰᠣᠩᠭᠤᠬᠤ ᠬᠢᠴᠢᠶᠡᠯ ᠲᠦᠷᠦᠯ ᠤᠨ ᠱᠠᠭᠠᠷᠳᠠᠯᠭ᠎ᠠ ᠵᠡᠷᠭᠡ ᠶᠢ ᠪᠠᠶᠢᠴᠠᠭᠠᠨ ᠯᠠᠪᠯᠠᠬᠤ ᠨᠥᠬᠦᠴᠡᠯ ᠢᠶᠠᠨ ᠲᠣᠬᠢᠷᠠᠭᠤᠯᠤᠭᠰᠠᠨ ᠤ ᠳᠠᠷᠠᠭ᠎ᠠ᠂ ᠪᠠᠷᠠᠭᠤᠨ ᠳᠣᠣᠷᠠᠳᠤ ᠥᠨᠴᠥᠭ ᠤᠨ ᠬᠥᠬᠡ ᠥᠩᠭᠡ ᠶᠢᠨ ︽ᠨᠡᠩᠵᠢᠬᠦ︾ ᠳᠠᠷᠤᠪᠴᠢ ᠶᠢ ᠳᠠᠷᠤᠪᠠᠯ ᠳᠠᠷᠤᠶ ᠪᠠᠶᠢᠴᠠᠭᠠᠨ ᠯᠠᠪᠯᠠᠬᠤ ᠨᠥᠬᠦᠴᠡᠯ ᠳᠤ ᠨᠡᠶᠢᠴᠡᠬᠦ ᠰᠣᠷᠣᠭᠴᠢ ᠡᠯᠰᠡᠬᠦ ᠲᠥᠯᠥᠪᠯᠡᠭᠡ ᠶᠢ ᠪᠠᠶᠢᠴᠠᠭᠠᠨ ᠯᠠᠪᠯᠠᠵᠤ ᠪᠣᠯᠤᠨ᠎ᠠ᠃ ᠪᠠᠶᠢᠴᠠᠭᠠᠨ ᠯᠠᠪᠯᠠᠭᠰᠠᠨ ᠦᠷ᠎ᠡ ᠳ᠋ᠦᠩ ᠤᠨ ᠳᠠᠷᠠᠭ᠎ᠠ ᠰᠢᠯᠭᠠᠭᠤᠯᠤᠭᠴᠢ ︽ᠦᠷ᠎ᠡ ᠳ᠋ᠦᠩ ᠤᠨ ᠳᠣᠲᠣᠷ᠎ᠠ ᠨᠡᠩᠵᠢᠬᠦ ︾ ᠳᠣᠲᠣᠷ᠎ᠠ ᠪᠠᠶᠢᠴᠠᠭᠠᠨ ᠯᠠᠪᠯᠠᠬᠤ ᠨᠥᠬᠦᠴᠡᠯ ᠢᠶᠠᠨ ᠲᠠᠭᠯᠠᠵᠤ ᠬᠤᠶᠠᠳᠠᠬᠢ ᠤᠳᠠᠭ᠎ᠠ ᠪᠠᠶᠢᠴᠠᠭᠠᠨ ᠰᠦᠪᠡᠭᠴᠢᠯᠡᠵᠦ ᠪᠣᠯᠣᠨ᠎ᠠ᠂ ᠵᠢᠱᠢᠶᠡᠯᠡᠪᠡᠯ ︽ᠺᠣᠮᠫᠢᠦ᠋ᠲ᠋ᠧᠷ ᠤᠨ ᠮᠡᠷᠭᠡᠵᠢᠯ ︾ ᠢ ᠣᠷᠣᠭᠤᠯᠪᠠᠯ ᠳᠠᠷᠤᠢ ᠨᠡᠩᠵᠢᠬᠦ ᠦᠷ᠎ᠡ ᠳ᠋ᠦᠩ ᠠᠴᠠ ︽ᠺᠣᠮᠫᠢᠦ᠋ᠲ᠋ᠧᠷ ᠤᠨ ᠮᠡᠷᠭᠡᠵᠢᠯ ︾ ᠢ ᠪᠠᠭᠲᠠᠭᠠᠭᠰᠠᠨ ᠰᠤᠷᠤᠭᠴᠢ ᠡᠯᠰᠡᠬᠦ ᠲᠥᠯᠥᠪᠯᠡᠭᠡ ᠶᠢ ᠪᠠᠶᠢᠴᠠᠭᠠᠨ ᠯᠠᠪᠯᠠᠵᠤ ᠪᠣᠯᠣᠨ᠎ᠠ᠃ ᠨᠥᠬᠦᠴᠡᠯ ᠳᠤ ᠨᠡᠶᠢᠴᠡᠬᠦ ᠰᠣᠷᠣᠭᠴᠢ ᠡᠯᠰᠡᠬᠦ ᠲᠥᠯᠥᠪᠯᠡᠭᠡ ᠶᠢ ᠪᠠᠶᠢᠴᠠᠭᠠᠨ ᠯᠠᠪᠯᠠᠭᠰᠠᠨ ᠤ ᠳᠠᠷᠠᠭ᠎ᠠ᠂ ᠰᠢᠯᠭᠠᠭᠤᠯᠤᠭᠴᠢ ︽ᠠᠵᠢᠯᠯᠠᠭ᠎ᠠ︾ ᠶᠢᠨ ᠪᠤᠯᠤᠩ ᠳᠠᠬᠢ ᠤᠯᠠᠭᠠᠨ ︽ᠠᠩᠬᠠᠷᠬᠤ︾ ᠳᠠᠷᠤᠪᠴᠢ ᠶᠢ ᠳᠠᠷᠤᠪᠠᠯ ᠳᠠᠷᠤᠶ ᠰᠠᠨᠠᠮᠰᠠᠷᠲᠤ ᠲᠠᠭᠯᠠᠨ ᠮᠡᠳᠡᠭᠦᠯᠬᠦ ᠲᠥᠯᠥᠪᠯᠡᠭᠡ ᠪᠠᠨ ᠮᠢᠨᠦ ᠠᠩᠬᠠᠷᠤᠯ ᠳᠤ ᠨᠡᠮᠡᠵᠦ ᠪᠣᠯᠤᠨ᠎ᠠ ᠃ ︽ᠠᠩᠬᠠᠷᠬᠤ︾ ᠳᠣᠤᠷ᠎ᠠ ᠲᠠᠯ᠎ᠠ ᠶᠢᠨ ︽ᠨᠠᠷᠢᠨ ᠪᠠᠶᠢᠳᠠᠯ︾ ᠤᠨ ᠳᠠᠷᠤᠪᠴᠢ ᠶᠢ ᠳᠠᠷᠤᠪᠠᠯ ᠂ ᠰᠤᠷᠭᠠᠨ ᠬᠥᠮᠦᠵᠢᠯ ᠤᠨ ᠶᠠᠮᠤᠨ ᠤ ᠪᠤᠴᠠᠵᠤ ᠢᠷᠡᠭᠦᠯᠦᠭᠰᠡᠨ ᠰᠣᠷᠣᠭᠴᠢ ᠡᠯᠰᠡᠬᠦ ᠲᠦᠷᠢᠮ᠂ ᠳᠡᠭᠡᠳᠦ ᠰᠤᠷᠭᠠᠭᠤᠯᠢ ᠶᠢᠨ ᠬᠠᠨᠤᠮᠵᠢ ᠶᠢᠨ ᠬᠡᠮᠵᠢᠶ᠎ᠡ᠂ ᠲᠤᠰᠬᠠᠶ ᠮᠡᠷᠭᠡᠵᠢᠯ ᠤᠨ ᠬᠠᠨᠤᠮᠵᠢ ᠶᠢᠨ ᠬᠡᠮᠵᠢᠶ᠎ᠡ᠂ ᠲᠤᠰᠬᠠᠶ ᠮᠡᠷᠭᠡᠵᠢᠯ ᠲᠠᠨᠢᠯᠴᠠᠭᠤᠯᠬᠤ ᠂ ᠲᠤᠰᠬᠠᠶ ᠮᠡᠷᠭᠡᠵᠢᠯ ᠤᠨ ᠲᠠᠨᠢᠯᠴᠠᠭᠤᠯᠭ᠎ᠠ ᠂ ᠠᠵᠢᠯ ᠣᠯᠤᠭᠰᠠᠨ ᠪᠠᠶᠢᠳᠠᠯ᠂ ᠰᠤᠷᠭᠠᠭᠤᠯᠢ ᠳᠡᠪᠰᠢᠬᠦ ᠬᠠᠷᠢᠴᠠᠯ᠂ ᠠᠵᠢᠯ ᠮᠡᠷᠭᠡᠵᠢᠯ ᠤᠨ ᠦᠨᠡᠯᠡᠯᠲᠡ᠂ ᠴᠠᠯᠢᠩ ᠬᠥᠯᠥᠰᠥ ᠶᠢᠨ ᠵᠢᠭᠠᠯᠲᠠ ᠲᠤᠭ᠎ᠠ ᠵᠡᠷᠭᠡ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ᠂ ᠰᠢᠯᠭᠠᠭᠤᠯᠤᠭᠰᠠᠳ ᠢ ᠬᠠᠪᠰᠤᠷᠤᠨ ᠬᠠᠮᠢᠶ᠎ᠠ ᠪᠥᠬᠦᠶ ᠰᠣᠷᠣᠭᠴᠢ ᠡᠯᠰᠡᠬᠦ ᠲᠥᠯᠥᠪᠯᠡᠭᠡ ᠶᠢ ᠤᠯᠠᠮ ᠨᠢᠭᠡ ᠠᠯᠬᠤᠮ ᠣᠶᠢᠯᠠᠭᠠᠭᠤᠯᠵᠤ ᠪᠣᠯᠤᠨ᠎ᠠ᠃
图片 3.png
        ᠳᠡᠭᠡᠳᠦ ᠰᠤᠷᠭᠠᠭᠤᠯᠢ ᠶᠢᠨ ᠨᠡᠷᠡᠶᠢᠳᠦᠯ ︵ᠣᠷᠣᠯᠠᠬᠤ ᠨᠣᠮᠧᠷ︶ ᠢ ᠳᠠᠷᠤᠪᠠᠯ ᠳᠡᠭᠡᠳᠦ ᠰᠤᠷᠭᠠᠭᠤᠯᠢ ᠶᠢᠨ ᠨᠠᠷᠢᠨ ᠪᠠᠶᠢᠳᠠᠯ ᠤᠨ ᠨᠢᠭᠤᠷ ᠲᠤ ᠦᠰᠦᠷᠴᠦ ᠬᠦᠷᠴᠦ ᠪᠣᠯᠤᠨ᠎ᠠ᠂ ᠲᠣᠰ ᠨᠢᠭᠤᠷ ᠲᠤ ᠲᠣᠰ ᠳᠡᠭᠡᠳᠦ ᠰᠤᠷᠭᠠᠭᠤᠯᠢ ᠶᠢᠨ ᠣᠶᠢᠷ᠎ᠠ ᠶᠢᠨ ᠭᠤᠷᠪᠠᠨ ᠵᠢᠯ ᠤᠨ ᠲᠤᠰᠬᠠᠶ ᠮᠡᠷᠭᠡᠵᠢᠯ ᠤᠨ ᠰᠣᠷᠣᠭᠴᠢ ᠡᠯᠰᠡᠭᠰᠡᠨ ᠲᠤᠭ᠎ᠠ ᠪᠠᠷᠢᠮᠲᠠ ᠪᠠ 2025 ᠣᠨ ᠳᠤ ᠰᠣᠷᠣᠭᠴᠢ ᠡᠯᠰᠡᠬᠦ ᠲᠥᠯᠥᠪᠯᠡᠭᠡ ᠢᠯᠡᠷᠡᠨ᠎ᠡ ᠃
图片 4.png
        ᠲᠤᠰᠬᠠᠶ ᠮᠡᠷᠭᠡᠵᠢᠯ ᠤᠨ ᠳᠤᠭᠤᠶᠢᠯᠠᠩ ᠢ ᠳᠠᠷᠤᠪᠠᠯ ᠲᠣᠰ ᠳᠡᠭᠡᠳᠦ ᠰᠤᠷᠭᠠᠭᠤᠯᠢ ᠶᠢᠨ ᠣᠳᠣᠬᠠᠨ ᠤ ᠲᠤᠰᠬᠠᠶ ᠮᠡᠷᠭᠡᠵᠢᠯ ᠤᠨ ᠳᠤᠭᠤᠶᠢᠯᠠᠩ ᠳᠤ ᠲᠤᠰᠬᠠᠶ ᠮᠡᠷᠭᠡᠵᠢᠯ ᠤᠨ ᠣᠶᠢᠷ᠎ᠠ ᠶᠢᠨ ᠭᠤᠷᠪᠠᠨ ᠵᠢᠯ ᠤᠨ ᠰᠣᠷᠣᠭᠴᠢ ᠡᠯᠰᠡᠭᠰᠡᠨ ᠲᠤᠭ᠎ᠠ ᠪᠠᠷᠢᠮᠲᠠ ᠪᠠ 2025 ᠣᠨ ᠳᠤ ᠰᠣᠷᠣᠭᠴᠢ ᠡᠯᠰᠡᠬᠦ ᠲᠥᠯᠥᠪᠯᠡᠭᠡ ᠶᠢ ᠪᠠᠶᠢᠴᠠᠭᠠᠨ ᠯᠠᠪᠯᠠᠵᠤ ᠪᠣᠯᠤᠨ᠎ᠠ᠃
图片 5.png
        ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠶᠢᠨ ᠪᠠᠶᠢᠴᠠᠭᠠᠨ ᠯᠠᠪᠯᠠᠬᠤ        ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠶᠢ ᠪᠠᠶᠢᠴᠠᠭᠠᠨ ᠯᠠᠪᠯᠠᠬᠤ ᠨᠢᠭᠤᠷ ᠤᠨ  ᠰᠢᠰᠲ᠋ᠧᠮ ᠨᠢ ᠰᠢᠯᠭᠠᠭᠤᠯᠤᠭᠴᠢ ᠳᠤ ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠶᠢᠨ ᠪᠠᠶᠢᠴᠠᠭᠠᠨ ᠯᠠᠪᠯᠠᠯᠲᠠ ᠬᠠᠩᠭᠠᠪᠠ ᠂ ᠨᠢᠭᠤᠷ ᠤᠨ ᠪᠠᠷᠠᠭᠤᠨ ᠳᠤᠤᠷ᠎ᠠ ᠥᠨᠴᠥᠭ ᠤᠨ ︽ᠨᠡᠩᠵᠢᠬᠦ︾ ᠳᠠᠷᠤᠪᠴᠢ ᠶᠢ ᠳᠠᠷᠤᠬᠤ ᠪᠠᠷ ᠳᠠᠮᠵᠢᠭᠤᠯᠤᠨ᠂ ᠰᠢᠯᠭᠠᠭᠤᠯᠤᠭᠴᠢ ᠶᠢᠨ ᠲᠠᠰ ᠪᠡᠶᠡᠯᠡᠭᠦᠯᠦᠭᠰᠡᠨ ᠬᠤᠪᠢ ᠵᠢᠴᠢ ᠰᠢᠯᠭᠠᠭᠤᠯᠤᠭᠴᠢ ᠶᠢᠨ ᠰᠢᠨᠵᠢᠯᠡᠭᠡᠨ ᠤ ᠲᠥᠷᠥᠯ ᠢᠶᠠᠷ ᠨᠡᠷ᠎ᠡ ᠮᠡᠳᠡᠭᠦᠯᠦᠭᠰᠡᠨ ᠪᠠᠶᠢᠷᠢ ᠶᠢᠨ ᠵᠢᠭᠰᠠᠭᠠᠯᠲᠠ ᠶᠢ ᠪᠠᠶᠢᠴᠠᠭᠠᠨ ᠯᠠᠪᠯᠠᠵᠤ ᠪᠣᠯᠤᠨ᠎ᠠ ᠂ ᠰᠢᠯᠭᠠᠭᠤᠯᠤᠭᠴᠢ ᠪᠠᠰᠠ ︽ᠳᠠᠬᠢᠨ ᠬᠢᠴᠢᠶᠡᠯ ᠲᠥᠷᠥᠯ ᠰᠣᠩᠭᠤᠬᠤ ︾ ᠰᠣᠩᠭᠤᠯᠲᠠ ᠶᠢᠨ ᠵᠦᠢᠯ ᠢ ᠳᠣᠭᠢᠷᠠᠭᠤᠯᠤᠭᠰᠠᠨ ᠤ ᠳᠠᠷᠠᠭ᠎ᠠ᠂ ᠪᠠᠷᠠᠭᠤᠨ ᠳᠤᠤᠷ᠎ᠠ ᠥᠨᠴᠥᠭ ᠤᠨ ᠬᠥᠬᠡ ᠥᠩᠭᠡ ᠲᠠᠢ ︽ᠨᠡᠩᠵᠢᠬᠦ︾ ᠳᠠᠷᠤᠪᠴᠢ ᠶᠢ ᠳᠠᠬᠢᠨᠲᠠ ᠳᠠᠷᠤᠵᠤ ᠂ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠰᠢᠨᠵᠢᠯᠡᠭᠡᠨ ᠤ ᠲᠥᠷᠥᠯ ᠵᠢᠴᠢ ᠬᠠᠷᠠᠭᠠᠯᠵᠠᠭᠰᠠᠨ ᠳᠠᠬᠢᠨ ᠰᠣᠩᠭᠤᠭᠰᠠᠨ ᠬᠢᠴᠢᠶᠡᠯ ᠲᠥᠷᠥᠯ ᠤᠨ ᠳᠣᠤᠷᠠᠬᠢ ᠲᠠᠰ ᠳᠡᠪᠰᠢᠭᠦᠯᠦᠭᠰᠡᠨ ᠬᠤᠪᠢ ᠵᠢᠴᠢ ᠪᠠᠶᠢᠷᠢ ᠶᠢᠨ ᠳᠠᠷᠠᠭᠠᠯᠠᠯ ᠤᠨ ᠵᠢᠭᠰᠠᠭᠠᠯᠲᠠ ᠶᠢ ᠪᠠᠶᠢᠴᠠᠭᠠᠨ ᠯᠠᠪᠯᠠᠵᠤ ᠪᠣᠯᠤᠨ᠎ᠠ᠃ ︵ᠲᠠᠶᠢᠯᠪᠤᠷᠢ᠄ ᠳᠡᠭᠡᠳᠦ ᠰᠤᠷᠭᠠᠭᠤᠯᠢ ᠶᠢᠨ ᠨᠡᠷᠡᠰ ᠤᠨ ᠵᠢᠭᠰᠠᠭᠠᠯᠲᠠ ᠶᠢ ᠪᠠᠶᠢᠴᠠᠭᠠᠨ ᠯᠠᠪᠯᠠᠬᠤ ᠨᠢᠭᠤᠷ ᠨᠢ ᠵᠥᠪᠬᠡᠨ ᠰᠢᠯᠭᠠᠭᠤᠯᠤᠭᠴᠢ ᠶᠢᠨ  ᠰᠣᠩᠭᠤᠭᠰᠠᠨ ᠰᠢᠨᠵᠢᠯᠡᠭᠡᠨ ᠤ ᠲᠥᠷᠥᠯ ᠤᠨ ᠬᠠᠮᠢᠶ᠎ᠠ ᠪᠥᠬᠦᠶ ᠨᠡᠷᠡᠰ ᠤᠨ ᠵᠢᠭᠰᠠᠭᠠᠯᠲᠠ ᠶᠢ ᠢᠯᠡᠷᠡᠭᠦᠯᠵᠦ᠂ ᠬᠠᠪᠰᠤᠷᠭᠠᠨ ᠮᠡᠳᠡᠭᠦᠯᠦᠭᠰᠡᠨ ᠲᠥᠷᠥᠯ ᠤᠨ ᠨᠡᠷᠡᠰ ᠤᠨ ᠵᠢᠭᠰᠠᠭᠠᠯᠲᠠ  ᠢᠯᠡᠷᠡᠬᠦ  ᠦᠭᠡᠢ ︶
图片 6.png
        ᠳᠡᠭᠡᠳᠦ ᠰᠤᠷᠭᠠᠭᠤᠯᠢ ᠶᠢᠨ ᠰᠤᠷᠠᠭᠯᠠᠯ        ᠶᠡᠭᠡ ᠳᠡᠭᠡᠳᠦ ᠰᠤᠷᠭᠠᠭᠤᠯᠢ ᠶᠢᠨ ᠰᠤᠷᠠᠭᠯᠠᠯ ᠤᠨ ᠨᠢᠭᠤᠷ ᠤᠨ ᠰᠢᠰᠲ᠋ᠧᠮ ᠳᠤ᠂ ᠰᠢᠯᠭᠠᠭᠤᠯᠤᠭᠴᠢ ᠶᠡᠭᠡ ᠳᠡᠭᠡᠳᠦ ᠰᠤᠷᠭᠠᠭᠤᠯᠢ ᠶᠢᠨ ᠪᠠᠶᠢᠭ᠎ᠠ ᠭᠠᠵᠠᠷ ᠂ ᠡᠷᠡᠮᠡᠯᠵᠡᠯ ᠲᠠᠭᠯᠠᠬᠤ  ᠪᠦᠯᠦᠭ ᠤᠳᠠᠭ᠎ᠠ ᠂ ᠰᠣᠩᠭᠤᠭᠰᠠᠨ ᠰᠢᠨᠵᠢᠯᠡᠭᠡᠨ ᠤ ᠲᠥᠷᠥᠯ᠂ ᠶᠡᠭᠡ ᠳᠡᠭᠡᠳᠦ ᠰᠤᠷᠭᠠᠭᠤᠯᠢ ᠶᠢᠨ ᠨᠡᠷᠡᠶᠢᠳᠦᠯ᠂ ᠪᠠᠶᠢᠷᠢ ᠶᠢᠨ ᠳᠠᠷᠠᠭᠠᠯᠠᠯ ᠤᠨ ᠬᠡᠯᠪᠡᠯᠵᠡᠯ ᠤᠨ ᠬᠡᠮᠵᠢᠶ᠎ᠡ᠂ ᠪᠠᠶᠢᠷᠢ ᠶᠢᠨ ᠳᠠᠷᠠᠭᠠᠯᠠᠯ ᠵᠡᠷᠭᠡ ᠪᠠᠶᠢᠴᠠᠭᠠᠨ ᠯᠠᠪᠯᠠᠬᠤ ᠨᠥᠬᠦᠴᠡᠯ ᠢ ᠲᠣᠬᠢᠷᠠᠭᠤᠯᠬᠤ ᠪᠠᠷ ᠳᠠᠮᠵᠢᠭᠤᠯᠤᠨ ᠨᠥᠬᠦᠴᠡᠯ ᠳᠤ ᠨᠡᠶᠢᠴᠡᠬᠦ ᠶᠡᠭᠡ ᠳᠡᠭᠡᠳᠦ ᠰᠤᠷᠭᠠᠭᠤᠯᠢ ᠶᠢ ᠡᠷᠢᠵᠦ ᠪᠣᠯᠤᠨ᠎ᠠ᠃ ᠰᠢᠯᠭᠠᠭᠤᠯᠤᠭᠴᠢ ᠪᠠᠶᠢᠴᠠᠭᠠᠨ ᠯᠠᠪᠯᠠᠬᠤ ᠨᠥᠬᠦᠴᠡᠯ ᠢᠶᠠᠨ ᠰᠠᠶᠢᠲᠤᠷ ᠳᠣᠭᠢᠷᠠᠭᠤᠯᠤᠭᠰᠠᠨ ᠤ ᠳᠠᠷᠠᠭ᠎ᠠ᠂ ᠪᠠᠷᠠᠭᠤᠨ ᠳᠤᠤᠷ᠎ᠠ ᠥᠨᠴᠥᠭ ᠤᠨ ᠬᠥᠬᠡ ᠥᠩᠭᠡ ᠶᠢᠨ ︽ ᠨᠡᠩᠵᠢᠬᠦ︾ ᠳᠠᠷᠤᠪᠴᠢ ᠶᠢ ᠳᠠᠷᠤᠪᠠᠯ ᠳᠠᠷᠤᠶ ᠰᠢᠯᠭᠠᠭᠤᠯᠤᠭᠴᠢ ᠶᠢᠨ ᠲᠣᠬᠢᠷᠠᠭᠤᠯᠤᠭᠰᠠᠨ ᠨᠥᠬᠦᠴᠡᠯ ᠳᠤ ᠨᠡᠶᠢᠴᠡᠬᠦ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠲᠤᠭ᠎ᠠ ᠪᠠᠷᠢᠮᠲᠠ ᠶᠢ ᠨᠡᠩᠵᠢᠵᠦ ᠪᠣᠯᠤᠨ᠎ᠠ᠃ ᠣᠶᠢᠷ᠎ᠠ ᠶᠢᠨ ᠭᠤᠷᠪᠠᠨ ᠵᠢᠯ ᠤᠨ ᠡᠯᠰᠡᠭᠰᠡᠨ ᠲᠤᠭ᠎ᠠ ᠪᠠᠷᠢᠮᠲᠠ ᠳᠤ ᠡᠯᠰᠡᠬᠦ ᠬᠠᠮᠤᠭ ᠤᠨ ᠥᠨᠳᠥᠷ ᠬᠤᠪᠢ / ᠬᠠᠮᠤᠭ ᠤᠨ ᠳᠣᠤᠷ᠎ᠠ ᠬᠤᠪᠢ ᠂ ᠡᠯᠰᠡᠬᠦ ᠬᠠᠮᠤᠭ ᠤᠨ ᠥᠨᠳᠥᠷ / ᠬᠠᠮᠤᠭ ᠤᠨ ᠳᠣᠤᠷ᠎ᠠ ᠪᠠᠶᠢᠷᠢ ᠶᠢᠨ ᠳᠠᠷᠠᠭᠠᠯᠠᠯ᠂ ᠡᠯᠰᠡᠬᠦ ᠳᠤᠮᠳᠠᠴᠢ ᠬᠤᠪᠢ / ᠳᠤᠮᠳᠠ ᠪᠠᠶᠢᠷᠢ ᠶᠢᠨ ᠬᠤᠪᠢ  ᠵᠡᠷᠭᠡ ᠶᠢ ᠪᠠᠭᠲᠠᠭᠠᠨ᠎ᠠ᠃ ↑  ᠨᠢ ᠳᠡᠭᠡᠳᠦ ᠰᠤᠷᠭᠠᠭᠤᠯᠢ ᠡᠯᠰᠡᠭᠰᠡᠨ ᠬᠠᠮᠤᠭ ᠤᠨ ᠳᠣᠤᠷ᠎ᠠ ᠪᠠᠶᠢᠷᠢ ᠶᠢᠨ ᠳᠠᠷᠠᠭᠠᠯᠠᠯ ᠨᠢ ᠪᠠᠶᠢᠷᠢ ᠶᠢᠨ ᠲᠠᠷᠠᠭᠠᠯᠠᠯ ᠤᠨ ᠬᠡᠯᠪᠡᠯᠵᠡᠯ ᠤᠨ ᠵᠠᠭᠠᠭ ᠬᠢᠵᠠᠭᠠᠷ ᠤᠨ ᠳᠡᠭᠡᠳᠦ ᠬᠢᠵᠠᠭᠠᠷ ᠠᠴᠠ ᠬᠡᠲᠦᠷᠡᠭᠰᠡᠨ ᠢ ᠢᠯᠡᠳᠬᠡᠵᠦ᠂★  ᠨᠢ ᠳᠡᠭᠡᠳᠦ ᠰᠤᠷᠭᠠᠭᠤᠯᠢ ᠶᠢᠨ  ᠡᠯᠰᠡᠭᠰᠡᠨ ᠬᠠᠮᠤᠭ ᠤᠨ ᠳᠣᠤᠷ᠎ᠠ ᠪᠠᠶᠢᠷᠢ ᠶᠢᠨ ᠳᠠᠷᠠᠭᠠᠯᠠᠯ ᠨᠢ ᠪᠠᠶᠢᠷᠢ ᠶᠢᠨ ᠳᠡᠭᠡᠭᠦᠷᠬᠢ ᠬᠡᠯᠪᠡᠯᠵᠡᠯ ᠤᠨ ᠵᠠᠭᠠᠭ ᠬᠡᠮᠵᠢᠭᠳᠡᠯ ᠳᠤ ᠪᠠᠶᠢᠬᠤ ᠶᠢ ᠢᠯᠡᠳᠬᠡᠨ᠎ᠡ᠂↓  ᠨᠢ ᠳᠡᠭᠡᠳᠦ ᠰᠤᠷᠭᠠᠭᠤᠯᠢ ᠶᠢᠨ ᠡᠯᠰᠡᠭᠰᠡᠨ ᠬᠠᠮᠤᠭ ᠤᠨ ᠳᠣᠤᠷ᠎ᠠ ᠪᠠᠶᠢᠷᠢ ᠶᠢᠨ ᠳᠠᠷᠠᠭᠠᠯᠠᠯ ᠨᠢ ᠪᠠᠶᠢᠷᠢ ᠶᠢᠨ ᠳᠠᠷᠠᠭᠠᠯᠠᠯ ᠤᠨ ᠬᠡᠯᠪᠡᠯᠵᠡᠯ ᠤᠨ ᠬᠢᠵᠠᠭᠠᠷ ᠬᠡᠮᠵᠢᠶ᠎ᠡ ᠠᠴᠠ ᠳᠣᠤᠷ᠎ᠠ ᠪᠠᠶᠢᠬᠤ ᠶᠢ ᠢᠯᠡᠳᠬᠡᠨ᠎ᠡ᠃ ᠰᠢᠰᠲ᠋ᠧᠮ ᠤᠨ ᠳᠤᠮᠳᠠ ᠢᠯᠡᠷᠡᠭᠦᠯᠦᠭᠰᠡᠨ ᠬᠤᠪᠢ ᠨᠢ ᠲᠤᠰ ᠵᠢᠯ ᠤᠨ ᠣᠳᠣᠬᠠᠨ ᠤ ᠰᠢᠨᠵᠢᠯᠡᠭᠡᠨ ᠤ ᠲᠥᠷᠥᠯ ᠤᠨ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠰᠤᠷᠤᠭᠴᠢ ᠡᠯᠰᠡᠬᠦ ᠬᠤᠪᠢ ᠶᠢᠨ ᠱᠤᠭᠤᠮ ︵ᠳᠣᠷᠣᠭᠰᠢ ᠬᠤᠪᠢ ᠶᠢᠨ ᠱᠤᠭᠤᠮ ᠭᠡᠵᠦ ᠲᠣᠪᠴᠢᠯᠠᠨ᠎ᠠ︶ ᠪᠠᠷ ᠰᠠᠭᠤᠷᠢ ᠪᠠᠷᠢᠮᠵᠢᠶ᠎ᠠ ᠪᠣᠯᠭᠠᠵᠤ᠂ + ᠨᠢ ᠬᠤᠪᠢ ᠶᠢᠨ ᠱᠤᠭᠤᠮ ᠠᠴᠠ ᠬᠡᠲᠦᠷᠡᠭᠰᠡᠨ ᠢ ᠢᠯᠡᠳᠭᠡᠵᠦ  ᠂ + 10 ᠬᠤᠪᠢ ᠶᠢᠨ ᠱᠣᠭᠤᠮ ᠠᠴᠠ 10 ᠬᠤᠪᠢ ᠬᠡᠲᠤᠷᠡᠭᠰᠡᠨ ᠢ ᠢᠯᠡᠳᠭᠡᠨ᠎ᠡ ᠂ -  ᠨᠢ ᠬᠤᠪᠢ ᠶᠢᠨ ᠱᠣᠭᠤᠮ ᠠᠴᠠ ᠳᠣᠣᠷ᠎ᠠ ᠶᠢ ᠢᠯᠡᠳᠭᠡᠵᠦ᠂ -10 ᠨᠢ ᠬᠤᠪᠢ ᠶᠢᠨ ᠱᠣᠭᠤᠮ ᠠᠴᠠ 10 ᠬᠤᠪᠢ ᠳᠣᠤᠷ᠎ᠠ ᠪᠠᠶᠢᠬᠤ ᠶᠢ ᠢᠯᠡᠳᠭᠡᠨ᠎ᠡ ᠃
图片 7.png
        ᠠᠩᠬᠠᠷᠬᠤ ᠴᠢᠬᠤᠯᠠᠲᠠᠢ ᠨᠢ᠄ ᠰᠢᠰᠲ᠋ᠧᠮ ᠳᠤ ᠥᠩᠭᠡᠷᠡᠭᠰᠡᠨ ᠵᠢᠯ ᠤᠳ ᠤᠨ ᠡᠯᠰᠡᠭᠰᠡᠨ ᠲᠤᠭ᠎ᠠ ᠪᠠᠷᠢᠮᠲᠠ ᠶᠢ ᠢᠯᠡᠷᠡᠭᠦᠯᠦᠨ᠎ᠡ ᠂ ᠡᠨᠡ ᠵᠢᠯ ᠤᠯᠤᠰ ᠤᠨ ᠨᠢᠭᠡᠳᠦᠯᠲᠡᠢ ᠰᠢᠯᠭᠠᠯᠲᠠ  ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠵᠤ ᠂ ᠬᠤᠪᠢ ᠪᠤᠳᠤᠬᠤ ᠠᠷᠭ᠎ᠠ ᠮᠠᠶ᠋ᠢᠭ ᠪᠠ ᠬᠤᠪᠢ ᠣᠯᠭᠤᠬᠤ ᠲᠦᠷᠢᠮ ᠳᠤ ᠬᠤᠪᠢᠷᠠᠯᠲᠠ ᠲᠠᠢ ᠪᠣᠯᠵᠣ᠂ ᠰᠢᠯᠭᠠᠭᠤᠯᠤᠭᠴᠢ ᠲᠣᠰ ᠪᠡᠶ᠎ᠡ ᠶᠢᠨ ᠪᠠᠶᠢᠳᠠᠯ ᠢᠶᠠᠨ ᠦᠨᠳᠦᠰᠦᠯᠡᠨ ᠶᠡᠷᠦᠩᠬᠡᠶᠢᠯᠡᠨ ᠮᠠᠭᠠᠳᠯᠠᠵᠤ᠂ ᠪᠠᠶᠢᠴᠠᠭᠠᠨ ᠯᠠᠪᠯᠠᠭᠰᠠᠨ  ᠦᠷ᠎ᠡ ᠳ᠋ᠦᠩ ᠢᠶᠠᠷ ᠵᠥᠪᠬᠡᠨ ᠯᠠᠪᠯᠠᠯᠲᠠ ᠪᠣᠯᠭᠠᠭᠠᠷᠠᠢ ᠃ᠰᠤᠷᠭᠠᠭᠤᠯᠢ ᠶᠢᠨ ᠨᠡᠷᠡᠶᠢᠳᠦᠯ ︵ᠣᠷᠣᠯᠠᠬᠤ ᠨᠣᠮᠧᠷ︶ ᠢ ᠳᠠᠷᠤᠪᠠᠯ ᠪᠠᠰᠠ ᠳᠡᠭᠡᠳᠦ ᠰᠤᠷᠭᠠᠭᠤᠯᠢ ᠶᠢᠨ ᠨᠠᠷᠢᠨ ᠪᠠᠶᠢᠳᠠᠯ ᠤᠨ ᠬᠠᠭᠤᠳᠠᠰᠤᠨ ᠳᠤ ᠰᠢᠯᠵᠢᠵᠦ᠂ ᠣᠳᠣᠬᠠᠨ ᠤ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠮᠡᠳᠡᠭᠡ ᠵᠠᠩᠭᠢ ᠪᠣᠯᠤᠨ ᠲᠤᠰ ᠵᠢᠯ ᠤᠨ ᠰᠤᠷᠤᠭᠴᠢ ᠡᠯᠰᠡᠬᠦ ᠲᠥᠯᠥᠪᠯᠡᠭᠡ ᠶᠢ ᠣᠯᠵᠤ ᠪᠣᠯᠤᠨ᠎ᠠ᠃        ᠲᠤᠰᠬᠠᠢ ᠮᠡᠷᠭᠡᠵᠢᠯ ᠤᠨ ᠰᠤᠷᠬᠠᠯᠠᠯ        ᠲᠤᠰᠬᠠᠶ ᠮᠡᠷᠭᠡᠵᠢᠯ ᠤᠨ ᠪᠠᠶᠢᠴᠠᠭᠠᠨ ᠯᠠᠪᠯᠠᠬᠤ ᠵᠦᠢᠯᠡᠰ ᠤᠨ ᠰᠢᠰᠲ᠋ᠧᠮ ᠳᠤ᠂ ᠰᠢᠯᠭᠠᠭᠤᠯᠤᠭᠴᠢ ᠶᠡᠭᠡ ᠳᠡᠭᠡᠳᠦ ᠰᠤᠷᠭᠠᠭᠤᠯᠢ ᠶᠢᠨ ᠪᠠᠶᠢᠭ᠎ᠠ ᠭᠠᠵᠠᠷ᠂ ᠡᠷᠡᠮᠡᠯᠵᠡᠯ ᠲᠠᠭᠯᠠᠬᠤ ᠪᠦᠯᠦᠭ ᠤᠳᠠᠭ᠎ᠠ᠂ ᠰᠣᠩᠭᠤᠭᠰᠠᠨ ᠰᠢᠨᠵᠢᠯᠡᠭᠡᠨ  ᠤ ᠲᠦᠷᠦᠯ ᠂ ᠲᠤᠰᠬᠠᠶ ᠮᠡᠷᠭᠡᠵᠢᠯ ᠤᠨ ᠨᠡᠷᠡᠶᠢᠳᠦᠯ᠂ ᠪᠠᠶᠢᠷᠢ ᠶᠢᠨ ᠳᠠᠷᠠᠭᠠᠯᠠᠯ ᠤᠨ ᠬᠥᠪᠪᠦᠮᠡᠯ ᠬᠡᠮᠵᠢᠭᠳᠡᠯ᠂ ᠪᠠᠶᠢᠷᠢ ᠶᠢᠨ ᠳᠠᠷᠠᠭᠠᠯᠠᠯ ᠵᠡᠷᠭᠡ ᠪᠠᠶᠢᠴᠠᠭᠠᠨ ᠯᠠᠪᠯᠠᠬᠤ ᠨᠥᠬᠦᠴᠡᠯ ᠢ ᠲᠣᠬᠢᠷᠠᠭᠤᠯᠬᠤ ᠪᠠᠷ ᠳᠠᠮᠵᠢᠭᠤᠯᠤᠨ᠂ ᠨᠥᠬᠦᠴᠡᠯ ᠳᠤ ᠨᠡᠶᠢᠴᠡᠬᠦ ᠲᠤᠰᠬᠠᠶ ᠮᠡᠷᠭᠡᠵᠢᠯ ᠤᠨ ᠨᠠᠷᠢᠨ ᠮᠡᠳᠡᠭᠡ ᠵᠠᠩᠭᠢ ᠶᠢ ᠬᠠᠶᠢᠵᠤ ᠪᠣᠯᠤᠨ᠎ᠠ᠃        ᠨᠡᠩᠵᠢᠭᠰᠡᠨ ᠦᠷ᠎ᠡ ᠳ᠋ᠦᠩ ᠳᠤ ᠂↑  ᠨᠢ ᠳᠡᠭᠡᠳᠦ ᠰᠤᠷᠭᠠᠭᠤᠯᠢ ᠶᠢᠨ ᠲᠤᠰᠬᠠᠢ  ᠮᠡᠷᠭᠡᠵᠢᠯ ᠤᠨ ᠡᠯᠰᠡᠭᠰᠡᠨ ᠬᠠᠮᠤᠭ ᠤᠨ ᠳᠣᠤᠷ᠎ᠠ ᠪᠠᠶᠢᠷᠢ ᠶᠢᠨ ᠳᠠᠷᠠᠭᠠᠯᠠᠯ ᠨᠢ ᠪᠠᠶᠢᠷᠢ ᠶᠢᠨ  ᠲᠠᠷᠠᠭᠠᠯᠠᠯ ᠤᠨ ᠬᠡᠯᠪᠡᠯᠵᠡᠯ ᠤᠨ ᠵᠠᠭᠠᠭ ᠬᠢᠵᠠᠭᠠᠷ ᠤᠨ ᠳᠡᠭᠡᠳᠦ ᠬᠢᠵᠠᠭᠠᠷ ᠠᠴᠠ ᠬᠡᠲᠦᠷᠡᠭᠰᠡᠨ ᠢ ᠢᠯᠡᠳᠬᠡᠵᠦ᠂★  ᠨᠢ ᠳᠡᠭᠡᠳᠦ ᠰᠤᠷᠭᠠᠭᠤᠯᠢ ᠶᠢᠨ ᠲᠤᠰᠬᠠᠢ  ᠮᠡᠷᠭᠡᠵᠢᠯ ᠤᠨ  ᠡᠯᠰᠡᠭᠰᠡᠨ ᠬᠠᠮᠤᠭ ᠤᠨ ᠳᠣᠤᠷ᠎ᠠ ᠪᠠᠶᠢᠷᠢ ᠶᠢᠨ ᠳᠠᠷᠠᠭᠠᠯᠠᠯ ᠨᠢ ᠪᠠᠶᠢᠷᠢ ᠶᠢᠨ ᠳᠡᠭᠡᠭᠦᠷᠬᠢ ᠬᠡᠯᠪᠡᠯᠵᠡᠯ ᠤᠨ ᠵᠠᠭᠠᠭ ᠬᠡᠮᠵᠢᠭᠳᠡᠯ ᠳᠤ ᠪᠠᠶᠢᠬᠤ ᠶᠢ ᠢᠯᠡᠳᠬᠡᠨ᠎ᠡ᠂↓  ᠨᠢ ᠳᠡᠭᠡᠳᠦ ᠰᠤᠷᠭᠠᠭᠤᠯᠢ  ᠶᠢᠨ ᠲᠤᠰᠬᠠᠢ  ᠮᠡᠷᠭᠡᠵᠢᠯ ᠤᠨ ᠡᠯᠰᠡᠭᠰᠡᠨ ᠬᠠᠮᠤᠭ ᠤᠨ ᠳᠣᠤᠷ᠎ᠠ ᠪᠠᠶᠢᠷᠢ ᠶᠢᠨ ᠳᠠᠷᠠᠭᠠᠯᠠᠯ ᠨᠢ ᠪᠠᠶᠢᠷᠢ ᠶᠢᠨ ᠳᠠᠷᠠᠭᠠᠯᠠᠯ ᠤᠨ ᠬᠡᠯᠪᠡᠯᠵᠡᠯ ᠤᠨ ᠬᠢᠵᠠᠭᠠᠷ ᠬᠡᠮᠵᠢᠶ᠎ᠡ ᠠᠴᠠ ᠳᠣᠤᠷ᠎ᠠ ᠪᠠᠶᠢᠬᠤ ᠶᠢ ᠢᠯᠡᠳᠬᠡᠨ᠎ᠡ᠃ ᠰᠢᠰᠲ᠋ᠧᠮ ᠤᠨ ᠳᠤᠮᠳᠠ ᠢᠯᠡᠷᠡᠭᠦᠯᠦᠭᠰᠡᠨ ᠬᠤᠪᠢ ᠨᠢ ᠲᠤᠰ ᠵᠢᠯ ᠤᠨ ᠣᠳᠣᠬᠠᠨ ᠤ ᠰᠢᠨᠵᠢᠯᠡᠭᠡᠨ ᠤ ᠲᠥᠷᠥᠯ ᠤᠨ ᠵᠢᠩᠬᠢᠨᠢ ᠠᠩᠭᠢ ᠶᠢᠨ ᠬᠤᠶᠠᠳᠤᠭᠠᠷ ᠪᠦᠯᠦᠭ ᠤᠨ ᠰᠤᠷᠤᠭᠴᠢ ᠡᠯᠰᠡᠬᠦ ᠬᠤᠪᠢ ᠶᠢᠨ ᠱᠤᠭᠤᠮ ︵ᠳᠣᠷᠣᠭᠰᠢ ᠬᠤᠪᠢ ᠶᠢᠨ ᠱᠤᠭᠤᠮ ᠭᠡᠵᠦ ᠲᠣᠪᠴᠢᠯᠠᠨ᠎ᠠ︶ ᠪᠠᠷ ᠰᠠᠭᠤᠷᠢ ᠪᠠᠷᠢᠮᠵᠢᠶ᠎ᠠ ᠪᠣᠯᠭᠠᠵᠤ᠂ + ᠨᠢ ᠬᠤᠪᠢ ᠶᠢᠨ ᠱᠤᠭᠤᠮ ᠠᠴᠠ ᠬᠡᠲᠦᠷᠡᠭᠰᠡᠨ ᠢ ᠢᠯᠡᠳᠭᠡᠵᠦ  ᠂ + 10 ᠬᠤᠪᠢ ᠶᠢᠨ ᠱᠣᠭᠤᠮ ᠠᠴᠠ 10 ᠬᠤᠪᠢ ᠬᠡᠲᠤᠷᠡᠭᠰᠡᠨ ᠢ ᠢᠯᠡᠳᠭᠡᠨ᠎ᠡ ᠂ -  ᠨᠢ ᠬᠤᠪᠢ ᠶᠢᠨ ᠱᠣᠭᠤᠮ ᠠᠴᠠ ᠳᠣᠣᠷ᠎ᠠ ᠶᠢ ᠢᠯᠡᠳᠭᠡᠵᠦ᠂ -10 ᠨᠢ ᠬᠤᠪᠢ ᠶᠢᠨ ᠱᠣᠭᠤᠮ ᠠᠴᠠ 10 ᠬᠤᠪᠢ ᠳᠣᠤᠷ᠎ᠠ ᠪᠠᠶᠢᠬᠤ ᠶᠢ ᠢᠯᠡᠳᠭᠡᠨ᠎ᠡ ᠃        ᠮᠢᠨᠤ ᠠᠩᠬᠠᠷᠤᠯ        ᠰᠢᠯᠭᠠᠭᠤᠯᠤᠭᠴᠢ ᠡᠯ᠎ᠡ ᠨᠥᠬᠦᠴᠡᠯ ᠢᠶᠠᠷ ᠳᠠᠮᠵᠢᠭᠤᠯᠤᠨ ᠰᠣᠷᠣᠭᠴᠢ ᠡᠯᠰᠡᠬᠦ ᠲᠥᠯᠥᠪᠯᠡᠭᠡ ᠶᠢ ᠪᠠᠶᠢᠴᠠᠭᠠᠨ ᠯᠠᠪᠯᠠᠵᠤ ᠪᠣᠯᠤᠨ᠎ᠠ ᠂ ᠰᠠᠨᠠᠮᠵᠢ ᠲᠠᠢ ᠲᠥᠯᠥᠪᠯᠡᠭᠡ ᠪᠠᠨ ᠮᠢᠨᠦ ᠠᠩᠬᠠᠷᠤᠯ ᠳᠤ ᠣᠷᠣᠭᠤᠯᠵᠤ ᠪᠣᠯᠤᠨ᠎ᠠ᠃ ᠰᠢᠯᠭᠠᠭᠤᠯᠤᠭᠴᠢ ᠬᠡᠷᠪᠡ ᠨᠢᠭᠡᠨᠲᠡ ᠠᠩᠬᠠᠷᠴᠤ ᠪᠠᠶᠢᠭ᠎ᠠ ᠲᠥᠯᠥᠪᠯᠡᠭᠡ ᠲᠠᠢ ᠪᠣᠯ ᠮᠢᠨᠦ ᠠᠩᠬᠠᠷᠤᠯ ᠢ ᠳᠠᠷᠤᠵᠤ ᠡᠳᠡᠭᠡᠷ ᠲᠥᠯᠥᠪᠯᠡᠭᠡ ᠶᠢ ᠪᠠᠶᠢᠴᠠᠭᠠᠨ ᠦᠵᠡᠵᠦ ᠪᠣᠯᠣᠨ᠎ᠠ᠂ ᠪᠠᠰᠠ ︽ᠠᠵᠢᠯᠯᠠᠭ᠎ᠠ︾ ᠶᠢᠨ ᠪᠤᠯᠤᠩ ᠳᠠᠬᠢ ︽ᠠᠩᠬᠠᠷᠤᠯ ᠢ  ᠦᠭᠡᠶᠢᠰᠭᠡᠬᠦ︾ ᠪᠠᠷ ᠳᠠᠮᠵᠢᠨ ᠨᠢᠭᠡᠨᠲᠡ ᠠᠩᠬᠠᠷᠴᠤ ᠪᠠᠶᠢᠭ᠎ᠠ ᠲᠥᠯᠥᠪᠯᠡᠭᠡ ᠪᠠᠨ ᠬᠦᠴᠦᠨ ᠦᠭᠡᠢ ᠪᠣᠯᠭᠠᠵᠤᠪᠣᠯᠤᠨ᠎ᠠ᠃ ᠪᠠᠷᠠᠭᠤᠨ ᠳᠡᠭᠡᠷ᠎ᠡ ᠥᠨᠴᠥᠭ ᠤᠨ ᠬᠥᠬᠡ ᠥᠩᠭᠡ  ᠲᠠᠢ ︽ᠳᠠᠮᠵᠢᠭᠤᠯᠤᠨ  ᠭᠠᠷᠭᠠᠬᠤ︾ ᠲᠣᠪᠴᠢ ᠶᠢ ᠳᠠᠷᠤᠪᠠᠯ᠂ ᠰᠢᠯᠭᠠᠭᠰᠠᠳ ᠤᠨ ᠣᠳᠣᠬᠠᠨ ᠤ ᠠᠩᠬᠠᠷᠴᠤ ᠪᠠᠶᠢᠭ᠎ᠠ ᠰᠤᠷᠤᠭᠴᠢ ᠡᠯᠰᠡᠬᠦ ᠲᠥᠯᠥᠪᠯᠡᠭᠡ ᠶᠢ ᠳᠠᠮᠵᠢᠭᠤᠯᠤᠨ ᠭᠠᠷᠭᠠᠵᠤ ᠪᠣᠯᠤᠨ᠎ᠠ᠃
图片 8.png
        ᠡᠷᠡᠮᠡᠯᠵᠡᠯ ᠯᠠᠪᠯᠠᠯᠲᠠ ᠶᠢᠨ ᠳ᠋ᠦᠩ        ᠠᠶᠠᠯᠠᠯ ᠤᠨ ᠵᠠᠮᠴᠢ ᠶᠢᠨ ᠳᠣᠲᠣᠷᠠᠬᠢ ︽ᠡᠷᠡᠮᠡᠯᠵᠡᠯ ᠤᠨ ᠯᠠᠪᠯᠠᠯᠲᠠ ᠶᠢᠨ ᠦᠷ᠎ᠡ ᠳ᠋ᠦᠩ︾ ᠢ ᠳᠠᠷᠤᠪᠠᠯ ᠂ ︽ᠨᠡᠷᠡᠨ ᠤ ᠭᠡᠷᠡᠯᠲᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠨᠡᠷᠡᠨ ᠡᠷᠡᠮᠡᠯᠵᠡᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮ — ᠡᠷᠡᠮᠡᠯᠵᠡᠯ ᠤᠨ  ᠯᠠᠪᠯᠠᠯᠲᠠ ᠶᠢᠨ ᠦᠢᠯᠡᠴᠢᠯᠡᠭᠡ︾ ᠶᠢᠨ ᠬᠠᠭᠤᠳᠠᠰᠤᠨ ᠳᠤ ᠦᠰᠦᠷᠦᠨ ᠣᠷᠣᠵᠤ ᠪᠣᠯᠤᠨ᠎ᠠ᠃ ᠲᠣᠰ ᠲᠠᠪᠴᠠᠩ ᠨᠢ ᠥᠩᠭᠡᠷᠡᠭᠰᠡᠨ ᠵᠢᠯ ᠤᠳ ᠤᠨ ᠤᠯᠤᠰ ᠤᠨ ᠨᠢᠭᠡᠳᠦᠯᠲᠡᠶ ᠰᠢᠯᠭᠠᠯᠲᠠ ᠶᠢᠨ  ᠰᠣᠷᠣᠭᠴᠢ ᠡᠯᠰᠡᠬᠦ ᠬᠤᠪᠢ ᠶᠢᠨ ᠰᠠᠭᠤᠷᠢᠨ ᠳᠡᠭᠡᠷ᠎ᠡ᠂ ᠲᠣᠮᠣ ᠳ᠋ᠠᠶᠢᠲ᠋ᠠ ᠶᠢᠨ ᠵᠠᠳᠠᠯᠤᠯᠲᠠ ᠶᠢᠨ ᠥᠪᠡᠷᠮᠢᠴᠡ ᠪᠤᠳᠤᠬᠤ ᠠᠷᠭ᠎ᠠ ᠳᠤ ᠰᠠᠭᠤᠷᠢᠯᠠᠨ᠂ ᠰᠢᠯᠭᠠᠭᠤᠯᠤᠭᠴᠢ ᠶᠢᠨ ᠤᠷᠢᠳᠴᠢᠯᠠᠨ ᠵᠢᠱᠢᠭᠰᠡᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠪᠢ ᠪᠤᠶᠤ ᠪᠠᠶᠢᠷᠢ ᠶᠢᠨ ᠳᠠᠷᠠᠭᠠᠯᠠᠯ ᠢ ᠦᠨᠳᠦᠰᠦᠯᠡᠨ᠂ ᠶᠡᠭᠡ ᠳᠡᠭᠡᠳᠦ ᠰᠤᠷᠭᠠᠭᠤᠯᠢ ᠵᠢᠴᠢ ᠲᠤᠰᠬᠠᠶ ᠮᠡᠷᠭᠡᠵᠢᠯ ᠢ ᠳᠠᠭᠤᠷᠢᠶᠠᠵᠤ ᠪᠠᠶᠢᠭᠠᠳ ᠰᠢᠯᠭᠠᠭᠤᠯᠤᠭᠴᠢ ᠶᠢᠨ ᠡᠷᠡᠮᠡᠯᠵᠡᠯ ᠲᠠᠭᠯᠠᠬᠤ ᠳᠤ ᠯᠠᠪᠯᠠᠯᠲᠠ ᠬᠠᠩᠭᠠᠪᠠ᠃        ᠤᠷᠠᠯᠢᠭ ᠤᠨ ᠲᠦᠷᠦᠯ ᠤᠨ ᠥᠩᠭᠡᠷᠡᠭᠰᠡᠨ ᠵᠢᠯ ᠤᠳ ᠤᠨ ᠡᠯᠰᠡᠯᠲᠡ        ᠤᠷᠠᠯᠢᠭ ᠤᠨ ᠲᠥᠷᠥᠯ ᠤᠨ ᠰᠢᠯᠭᠠᠭᠤᠯᠤᠭᠴᠢ ᠵᠠᠮᠴᠢ ᠶᠢᠨ ᠲᠣᠪᠶᠤᠭ ᠤᠨ ᠳᠣᠲᠣᠷᠠᠬᠢ ᠤᠷᠠᠯᠢᠭ ᠤᠨ ᠲᠥᠷᠥᠯ ᠤᠨ ᠥᠩᠭᠡᠷᠡᠭᠰᠡᠨ ᠵᠢᠯ ᠤᠳ ᠤᠨ ᠰᠣᠷᠣᠭᠴᠢ ᠡᠯᠰᠡᠬᠦ ᠰᠣᠩᠭᠤᠯᠲᠠ ᠶᠢ  ᠳᠠᠷᠤᠵᠤ ᠰᠢᠭᠤᠳ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢᠨ 2024 ᠣᠨ ᠳᠤ ᠤᠷᠠᠯᠢᠭ ᠤᠨ ᠲᠥᠷᠥᠯ ᠤᠨ ᠡᠷᠡᠮᠡᠯᠵᠡᠯ ᠲᠠᠭᠯᠠᠬᠤ ᠡᠯ᠎ᠡ ᠪᠦᠯᠦᠭ ᠤᠳᠠᠭ᠎ᠠ ᠶᠢᠨ ᠲᠠᠩᠰᠠ ᠡᠪᠬᠡᠮᠡᠯ ᠳᠤ ᠣᠷᠣᠭᠤᠯᠤᠨ ᠠᠪᠤᠭᠰᠠᠨ ᠦᠷ᠎ᠡ ᠳ᠋ᠦᠩ ᠤᠨ ᠵᠠᠷᠯᠠᠨ ᠨᠡᠶᠢᠲᠡᠯᠡᠬᠦ ᠬᠠᠭᠤᠳᠠᠰᠤᠨ ᠳᠤ ᠦᠰᠦᠷᠦᠨ ᠣᠷᠣᠵᠤ ᠪᠣᠯᠤᠨ᠎ᠠ᠃ ᠰᠢᠯᠭᠠᠭᠤᠯᠤᠭᠴᠢ ᠭᠠᠷᠴᠠᠭ ᠢᠶᠠᠷ ᠳᠠᠮᠵᠢᠭᠤᠯᠤᠨ 2024 ᠣᠨ ᠤ ᠤᠷᠠᠯᠢᠭ ᠤᠨ ᠲᠥᠷᠥᠯ ᠤᠨ ᠡᠷᠡᠮᠡᠯᠵᠡᠯ ᠲᠠᠭᠯᠠᠭᠰᠠᠨ ᠰᠣᠷᠣᠭᠴᠢ ᠡᠯᠰᠡᠭᠰᠡᠨ ᠦᠷ᠎ᠡ ᠳ᠋ᠦᠩ ᠢ ᠪᠠᠶᠢᠴᠠᠭᠠᠨ ᠯᠠᠪᠯᠠᠵᠤ ᠪᠣᠯᠤᠨ᠎ᠠ᠃        ᠲᠤᠰᠬᠠᠢ ᠮᠡᠷᠭᠡᠵᠢᠯ ᠤᠨ ᠬᠡᠯᠪᠡᠷᠢᠯ ᠤᠨ ᠰᠢᠯᠭᠠᠨ ᠦᠨᠡᠯᠡᠯᠲᠡ        ᠵᠠᠮᠴᠢ ᠳᠠᠬᠢ ᠲᠤᠰᠬᠠᠶ ᠮᠡᠷᠭᠡᠵᠢᠯ ᠤᠨ ᠬᠡᠯᠪᠡᠷᠢᠯ ᠤᠨ ᠰᠢᠯᠭᠠᠨ ᠦᠨᠡᠯᠡᠯᠲᠡ ᠶᠢ ᠳᠠᠷᠤᠪᠠᠯ ᠂ ︽ᠨᠡᠷᠡᠨ ᠤ ᠭᠡᠷᠡᠯᠲᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠨᠡᠷᠡᠨ ᠡᠷᠡᠮᠡᠯᠵᠡᠯ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮ — ᠰᠡᠳᠬᠢᠴᠡ ᠶᠢᠨ ᠦᠨᠡᠯᠡᠨ ᠰᠢᠯᠭᠠᠯᠲᠠ︾ ᠶᠢᠨ ᠬᠠᠭᠤᠳᠠᠰᠤᠨ ᠳᠤ ᠦᠰᠦᠷᠦᠨ ᠣᠷᠣᠵᠤ ᠪᠣᠯᠤᠨ᠎ᠠ᠃ ᠲᠤᠰ ᠬᠠᠭᠤᠳᠠᠰᠤ ᠶᠢ ᠰᠤᠷᠭᠠᠭᠤᠯᠢ ᠪᠠ ᠠᠵᠢᠯ ᠮᠡᠷᠭᠡᠵᠢᠯ ᠤᠨ ᠲᠠᠪᠴᠠᠩ ᠠᠴᠠ ᠪᠡᠭᠡᠵᠢᠩ ᠶᠡᠭᠡ ᠰᠤᠷᠭᠠᠭᠤᠯᠢ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠨᠠᠨᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠡᠳᠬᠢᠴᠡ ᠪᠠ ᠠᠵᠢᠯ ᠮᠡᠷᠭᠡᠵᠢᠯ ᠤᠨ ᠠᠮᠢᠳᠤᠷᠠᠯ ᠤᠨ ᠲᠥᠯᠥᠪᠵᠢᠭᠦᠯᠭᠡ ᠶᠢᠨ ᠬᠦᠷᠢᠶᠡᠨ ᠤ ᠫᠷᠤᠹᠧᠰᠰᠤᠷ᠂ ᠲᠤᠰᠬᠠᠶ ᠮᠡᠷᠭᠡᠵᠢᠯᠲᠡᠨ ᠲᠠᠢ ᠬᠠᠮᠲᠤᠷᠠᠨ᠂ ᠲᠤᠰᠬᠠᠶ ᠮᠡᠷᠭᠡᠵᠢᠯ ᠤᠨ ᠣᠨᠣᠯ ᠪᠠ ᠨᠤᠲᠤᠭ ᠤᠨ ᠣᠨᠴᠠᠯᠢᠭ ᠢ ᠦᠨᠳᠦᠰᠦᠯᠡᠨ ᠨᠠᠶᠢᠷᠠᠭᠤᠯᠤᠨ ᠵᠣᠬᠢᠶᠠᠵᠤ᠂ ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠬᠡᠷᠡᠭᠯᠡᠬᠦ ᠳᠤ ᠳᠣᠭᠢᠷᠠᠬᠤ ᠰᠢᠯᠭᠠᠨ ᠦᠨᠡᠯᠡᠬᠦ ᠲᠥᠷᠥᠯ ᠬᠡᠯᠪᠡᠷᠢ ᠶᠢ ᠰᠢᠯᠢᠨ ᠰᠣᠩᠭᠤᠪᠠ᠃ ᠬᠠᠭᠤᠳᠠᠰᠤᠨ ᠳᠤ ᠢᠷᠡᠭᠡᠳᠦᠢ ᠶᠢᠨ ᠠᠵᠢᠯ ᠮᠡᠷᠭᠡᠵᠢᠯ ᠡᠷᠬᠢᠯᠡᠬᠦ ᠬᠠᠮᠤᠭ ᠤᠨ ᠴᠢᠬᠤᠯᠠ ᠭᠤᠣᠯᠯᠠᠬᠤ ᠴᠢᠳᠠᠪᠤᠷᠢ ᠶᠢᠨ ᠬᠡᠮᠵᠢᠶ᠎ᠡ ᠶᠢ ᠲᠥᠪᠯᠡᠷᠡᠭᠦᠯᠵᠦ᠂ ᠰᠢᠯᠭᠠᠨ ᠦᠨᠡᠯᠡᠬᠦ ᠳᠤ ᠣᠷᠣᠯᠴᠠᠬᠤ ᠨᠢ ᠥᠪᠡᠷ ᠤᠨ ᠳᠤᠷ᠎ᠠ ᠰᠣᠨᠢᠷᠬᠠᠯ ᠲᠠᠢ ᠠᠵᠢᠯ ᠮᠡᠷᠭᠡᠵᠢᠯ ᠤᠨ ᠢᠶᠠᠨ ᠵᠥᠷᠢᠶ᠎ᠡ ᠪᠠᠨ ᠣᠶᠢᠯᠠᠭᠠᠬᠤ ᠂ ᠳᠡᠭᠡᠭᠰᠢᠯᠡᠬᠦ ᠴᠢᠭᠯᠡᠯ ᠢ ᠲᠣᠳᠤᠷᠬᠠᠶᠢᠯᠠᠬᠤ ᠳᠤ ᠬᠠᠪᠰᠤᠷᠤᠮᠵᠢ ᠪᠣᠯᠤᠨ᠎ᠠ ᠃        ᠠᠩᠬᠠᠷᠬᠤ ᠵᠦᠢᠯ         1.ᠤᠷᠠᠯᠢᠭ ᠤᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ ᠨᠢ ᠡᠩ ᠤᠨ ᠪᠠᠶᠢᠳᠠᠯ ᠳᠤ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠣᠶᠣᠯ ᠤᠨ ᠬᠢᠴᠢᠶᠡᠯ ᠪᠠ ᠲᠤᠰᠬᠠᠶ ᠮᠡᠷᠭᠡᠵᠢᠯ ᠤᠨ ᠬᠢᠴᠢᠶᠡᠯ ᠲᠠᠢ ᠤᠶᠠᠯᠳᠤᠭᠤᠯᠤᠨ ᠰᠣᠷᠣᠭᠴᠢ ᠡᠯᠰᠡᠬᠦ ᠪᠠᠷᠢᠮᠵᠢᠶ᠎ᠠ ᠶᠢ ᠦᠨᠳᠦᠰᠦᠯᠡᠨ ᠂ ᠲᠣᠰ ᠰᠢᠰᠲ᠋ᠧᠮ ᠨᠢ ᠤᠷᠠᠯᠢᠭ᠂ ᠪᠡᠶ᠎ᠡ ᠶᠢᠨ ᠲᠠᠮᠢᠷ ᠤᠨ ᠲᠥᠷᠥᠯ ᠤᠨ ᠰᠣᠷᠣᠭᠴᠢ ᠡᠯᠰᠡᠭᠰᠡᠨ ᠲᠡᠦᠬᠡᠨ ᠲᠤᠭ᠎ᠠ ᠪᠠᠷᠢᠮᠲᠠ ᠶᠢ ᠲᠦᠷ ᠬᠠᠩᠭᠠᠬᠤ ᠥᠬᠡᠶ︔ ᠭᠡᠪᠡᠴᠦ ︽ᠰᠣᠷᠣᠭᠴᠢ ᠡᠯᠰᠡᠬᠦ ᠲᠥᠯᠥᠪᠯᠡᠭᠡ︾ ᠶᠢᠨ ᠲᠣᠪᠶᠤᠭ ᠲᠤ ᠤᠷᠠᠯᠢᠭ ᠤᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ ᠤᠨ ᠰᠣᠷᠣᠭᠴᠢ ᠡᠯᠰᠡᠬᠦ ᠲᠥᠯᠥᠪᠯᠡᠭᠡ ᠶᠢ ᠪᠠᠶᠢᠴᠠᠭᠠᠨ ᠯᠠᠪᠯᠠᠵᠤ ᠪᠣᠯᠤᠨ᠎ᠠ᠃        2.ᠲᠣᠰ ᠰᠢᠰᠲ᠋ᠧᠮ ᠤᠨ ᠡᠯᠰᠡᠭᠰᠡᠨ ᠲᠤᠭ᠎ᠠ ᠪᠠᠷᠢᠮᠲᠠ ᠨᠢ ᠵᠥᠪᠬᠡᠨ ᠯᠠᠪᠯᠠᠯᠲᠠ ᠬᠠᠩᠭᠠᠨ᠎ᠠ ᠂ ᠰᠢᠯᠭᠠᠭᠤᠯᠤᠭᠴᠢ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠲᠦᠷᠢᠮ ᠵᠡᠷᠭᠡ ᠪᠤᠰᠤᠳ ᠮᠡᠳᠡᠭᠡ ᠵᠠᠩᠭᠢ ᠶᠢᠨ ᠶᠡᠷᠦᠩᠬᠡᠶᠢᠯᠡᠭᠰᠡᠨ ᠮᠠᠭᠠᠳᠯᠠᠯᠲᠠ ᠲᠠᠢ ᠤᠶᠠᠯᠳᠤᠭᠤᠯᠤᠨ ᠰᠠᠨᠠᠮᠵᠢ ᠶᠢᠨ ᠡᠷᠡᠮᠡᠯᠵᠡᠯ ᠤᠨ ᠬᠦᠰᠦᠨᠦᠭᠲᠦ ᠶᠢ ᠪᠣᠶ ᠪᠣᠯᠭᠠᠬᠤ ᠬᠡᠷᠡᠭᠲᠡᠶ᠃ 
 
ᠢᠷᠡᠯᠲᠡ᠄ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号