ᠨᠠᠰᠤᠵᠢᠯ ᠤᠨ ᠪᠠᠶᠢᠭᠤᠯᠤᠮᠵᠢ ᠶᠢ ᠳᠠᠩᠰᠠᠯᠠᠭᠤᠯᠬᠤ ᠳᠤ ᠡᠷᠬᠡᠪᠰᠢ ᠬᠠᠤᠯᠢ ᠶᠢᠨ ᠬᠥᠮᠦᠨ ᠤ ᠨᠢᠭᠡᠴᠢ  ᠪᠠᠶᠢᠬᠤ ᠬᠡᠷᠡᠭᠲᠡᠢ ᠦᠦ︖
ᠨᠡᠶᠢᠲᠡᠯᠡᠭᠰᠡᠨ ᠴᠠᠭ᠄
2025/7/10
        ᠬᠠᠷᠢᠭᠤᠯᠲᠠ᠄ ︽ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ ᠦᠨᠳᠦᠰᠦᠯᠡᠪᠡᠯ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠭᠡᠳᠡᠭ ᠨᠢ ᠬᠠᠤᠯᠢ ᠶᠣᠰᠣᠭᠠᠷ ᠳᠠᠩᠰᠠᠯᠠᠭᠤᠯᠵᠤ᠂ ᠨᠠᠰᠤᠲᠠᠶᠢᠴᠤᠳ ᠲᠤ ᠪᠦᠬᠦᠯᠢ ᠡᠳᠦᠷ ᠢᠶᠠᠷ ᠲᠥᠪᠯᠡᠷᠡᠭᠦᠯᠦᠨ ᠬᠤᠨᠣᠭᠯᠠᠬᠤ ᠪᠠ ᠠᠰᠠᠷᠠᠨ ᠰᠤᠪᠢᠯᠠᠬᠤ ᠦᠢᠯᠡᠴᠢᠯᠡᠭᠡ ᠬᠠᠩᠭᠠᠬᠤ ᠶᠢ ᠵᠢᠭᠠᠵᠤ᠂ ᠡᠪᠡᠳᠴᠢᠲᠡᠨ ᠤ ᠣᠷᠣ ᠶᠢᠨ ᠲᠤᠭ᠎ᠠ 10 ᠠᠴᠠ ᠳᠡᠭᠡᠭᠰᠢ ᠪᠠᠶᠢᠬᠤ ᠪᠠᠶᠢᠭᠤᠯᠤᠮᠵᠢ ᠶᠢ ᠵᠢᠭᠠᠨ᠎ᠠ᠃ ᠨᠠᠰᠤᠵᠢᠯ ᠤᠨ ᠠᠰᠠᠷᠠᠮᠵᠢ ᠶᠢᠨ  ᠪᠠᠶᠢᠭᠤᠯᠤᠮᠵᠢ ᠳᠤ ᠠᠰᠢᠭ ᠬᠤᠨᠵᠢᠪᠤᠷᠢ ᠶᠢᠨ ᠴᠢᠨᠠᠷᠲᠠᠢ ᠨᠠᠰᠤᠵᠢᠯ ᠤᠨ ᠠᠰᠠᠷᠠᠮᠵᠢ ᠶᠢᠨ  ᠪᠠᠶᠢᠭᠤᠯᠤᠮᠵᠢ ᠪᠠ ᠠᠰᠢᠭ ᠬᠤᠨᠵᠢᠪᠤᠷᠢ ᠶᠢᠨ ᠪᠤᠰᠤ ᠨᠠᠰᠤᠵᠢᠯ ᠤᠨ ᠠᠰᠠᠷᠠᠮᠵᠢ ᠶᠢᠨ ᠪᠠᠢᠭᠤᠯᠤᠮᠵᠢ ᠪᠠᠭᠲᠠᠨ᠎ᠠ᠃ ᠡᠭᠦᠨ ᠳᠤ ᠠᠰᠢᠭ ᠬᠤᠨᠵᠢᠪᠣᠷᠢ ᠶᠢᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠠᠵᠤ ᠠᠬᠤᠶᠢᠯᠠᠯ ᠤᠨ ᠬᠠᠤᠯᠢ ᠶᠢᠨ ᠬᠦᠮᠦᠨ᠂ ᠬᠤᠪᠢ ᠬᠥᠮᠦᠨ ᠤ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠵᠡᠷᠭᠡ ᠬᠡᠯᠪᠡᠷᠢ ᠶᠢ ᠪᠠᠭᠲᠠᠭᠠᠨ᠎ᠠ᠃ ᠠᠰᠢᠭ ᠣᠯᠵᠠᠪᠤᠷᠢ ᠶᠢᠨ ᠪᠤᠰᠤ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠂ ᠠᠵᠢᠯ ᠦᠢᠯᠡᠰ ᠤᠨ ᠨᠢᠭᠡᠴᠢ ᠵᠡᠷᠭᠡ ᠬᠡᠯᠪᠡᠷᠢ ᠶᠢ ᠪᠠᠭᠲᠠᠭᠠᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号