ᠲᠦᠷᠦᠭᠦᠬᠡᠨ᠂ ᠬᠤᠲᠠ ᠶᠢᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ ᠤᠯᠤᠰ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ︽ᠪᠥᠬᠦ ᠤᠯᠤᠰ ᠤᠨ ᠪᠠᠷᠢᠮᠵᠢᠶ᠎ᠠ ᠶᠢ | ᠬᠡᠷᠡᠭᠵᠢᠭᠦᠯᠬᠦ ᠬᠢᠨᠠᠨ ᠬᠡᠮᠵᠢᠬᠦ ᠴᠡᠭ︾ ᠲᠤ ᠰᠣᠩᠭᠤᠭᠳᠠᠨ ᠣᠷᠣᠵᠤ᠂ ᠲᠥᠪ ᠨᠢ ᠤᠯᠤᠰ ᠤᠨ ᠪᠠᠷᠢᠮᠵᠢᠶ᠎ᠠ ᠶᠢ | ᠬᠡᠷᠡᠭᠵᠢᠭᠦᠯᠬᠦ ᠬᠢᠨᠠᠨ ᠬᠡᠮᠵᠢᠬᠦ ᠲᠣᠭᠲᠠᠯᠴᠠᠭ᠎ᠠ ᠳᠤ ᠣᠷᠣᠭᠰᠠᠨ ᠢ ᠬᠠᠷᠠᠭᠤᠯᠵᠤ ᠪᠠᠶᠢᠨ᠎ᠠ᠃ | ᠪᠦᠬᠦ ᠤᠯᠤᠰ ᠤᠨ ᠪᠠᠷᠢᠮᠵᠢᠶ᠎ᠠ ᠶᠢ ᠬᠡᠷᠡᠭᠵᠢᠭᠦᠯᠬᠦ ᠬᠢᠨᠠᠨ ᠬᠡᠮᠵᠢᠬᠦ ᠴᠡᠭ ᠨᠢ ᠪᠦᠬᠦ ᠤᠯᠤᠰ ᠤᠨ ᠴᠢᠨᠠᠷᠲᠠᠢ | ᠪᠠᠷᠢᠮᠵᠢᠶ᠎ᠠ ᠶᠢ ᠬᠡᠷᠡᠭᠵᠢᠭᠦᠯᠬᠦ ᠬᠢᠨᠠᠨ ᠬᠡᠮᠵᠢᠬᠦ ᠲᠣᠣᠷ ᠢ ᠲᠦᠷᠭᠡᠪᠴᠢᠯᠡᠨ ᠪᠠᠶᠢᠭᠤᠯᠬᠤ ᠶᠢᠨ ᠲᠥᠯᠥᠭᠡ ᠶᠤᠮ᠃ ᠬᠢᠨᠠᠨ | ᠬᠡᠮᠵᠢᠬᠦ ᠴᠡᠭ ᠨᠢ ᠪᠠᠷᠢᠮᠵᠢᠶ᠎ᠠ ᠶᠢ ᠬᠡᠷᠡᠭᠵᠢᠭᠦᠯᠦᠭᠰᠡᠨ ᠲᠤᠭ᠎ᠠ ᠪᠠᠷᠢᠮᠲᠠ ᠶᠢ ᠨᠡᠯᠢᠶᠡᠳ ᠴᠢᠩᠭ᠎ᠠ ᠴᠤᠭᠯᠠᠭᠤᠯᠬᠤ ᠪᠠ | ᠮᠡᠳᠡᠭᠦᠯᠦᠨ ᠬᠦᠷᠭᠡᠬᠦ ᠴᠢᠳᠠᠪᠤᠷᠢ ᠶᠢ ᠪᠦᠷᠢᠯᠳᠦᠭᠦᠯᠵᠦ᠂ ᠴᠢᠩᠭ᠎ᠠ ᠨᠢᠮᠪᠠᠶ ᠪᠠᠷᠢᠮᠵᠢᠶ᠎ᠠ ᠪᠠᠷ ᠬᠢᠨᠠᠨ ᠬᠡᠮᠵᠢᠬᠦ ᠡᠭᠦᠷᠭᠡ ᠶᠢ | ᠡᠭᠦᠷᠭᠡᠯᠡᠬᠦ ᠶᠢᠨ ᠬᠠᠮᠲᠤ ᠪᠥᠬᠦ ᠤᠯᠤᠰ ᠤᠨ ᠪᠠᠷᠢᠮᠵᠢᠶ᠎ᠠ ᠶᠢ ᠬᠡᠷᠡᠭᠵᠢᠭᠦᠯᠬᠦ ᠬᠢᠨᠠᠨ ᠬᠡᠮᠵᠢᠬᠦ ᠰᠦᠯᠵᠢᠶ᠎ᠡ ᠳᠤ | ᠣᠷᠣᠭᠤᠯᠤᠨ ᠨᠢᠭᠡᠳᠦᠯᠲᠡᠶ ᠬᠠᠮᠢᠶᠠᠷᠤᠨ᠎ᠠ ᠃ | ᠬᠤᠲᠠ ᠶᠢᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ ᠠᠴᠠ ᠡᠮᠦᠨᠡᠬᠢ ᠬᠤᠭᠤᠴᠠᠭᠠᠨ ᠳᠤ | ᠪᠠᠷᠢᠮᠵᠢᠶ᠎ᠠ ᠶᠢ ᠬᠡᠷᠡᠭᠵᠢᠭᠦᠯᠵᠦ ᠬᠢᠨᠠᠨ ᠬᠡᠮᠵᠢᠬᠦ ᠬᠦᠷᠢᠶᠡᠨ ᠳᠤ ᠨᠢᠭᠡᠨᠲᠡ ᠰᠢᠰᠲ᠋ᠧᠮᠵᠢᠭᠰᠡᠨ ᠠᠵᠢᠯ ᠤᠨ ᠲᠣᠭᠲᠠᠴᠠ ᠶᠢ | ᠪᠠᠶᠢᠭᠤᠯᠵᠤ᠂ ᠯᠠᠪᠳᠠᠭᠤᠨ ᠪᠠᠲᠤᠲᠠᠶ ᠲᠤᠭ᠎ᠠ ᠪᠠᠷᠢᠮᠲᠠ ᠶᠢᠨ ᠰᠠᠭᠤᠷᠢ ᠶᠢ ᠬᠤᠷᠠᠮᠳᠤᠭᠤᠯᠵᠤ᠂ ᠲᠤᠰᠬᠠᠶ ᠮᠡᠷᠭᠡᠵᠢᠯ ᠤᠨ | ᠪᠦᠯᠬᠦᠮ ᠨᠡᠶᠢᠲᠡ ᠶᠢ ᠪᠦᠷᠢᠯᠳᠦᠭᠦᠯᠵᠦ᠂ ᠤᠯᠤᠰ ᠠᠴᠠ ᠣᠯᠭᠤᠭᠰᠠᠨ ᠪᠠᠷᠢᠮᠵᠢᠶ᠎ᠠ ᠶᠢ ᠬᠡᠷᠡᠭᠵᠢᠭᠦᠯᠵᠦ ᠬᠢᠨᠠᠨ ᠬᠡᠮᠵᠢᠬᠦ | ᠡᠭᠦᠷᠭᠡ ᠶᠢ ᠥᠨᠳᠥᠷ ᠪᠦᠲᠦᠮᠵᠢᠲᠡᠶ ᠪᠠᠷ ᠡᠭᠦᠷᠭᠡᠯᠡᠵᠦ ᠳᠡᠶᠢᠯᠦᠨ᠎ᠡ ᠃ ᠲᠥᠪ ᠤᠨ ᠶᠠᠰᠤ ᠴᠢᠨᠠᠷ ᠤᠨ ᠰᠢᠯᠭᠠᠨ | ᠪᠠᠶᠢᠴᠠᠭᠠᠯᠲᠠ ᠨᠢ ᠢᠳᠡᠭᠡᠨ ᠪᠠ ᠡᠮ ᠤᠨ ᠵᠦᠢᠯᠡᠰ᠂ ᠡᠨᠧᠷᠭᠢ ᠬᠢᠮᠢ ᠶᠢᠨ ᠠᠵᠤ ᠦᠢᠯᠡᠳᠪᠦᠷᠢ᠂ ᠡᠯᠧᠺᠲᠷᠤᠨ | ᠴᠠᠬᠢᠯᠭᠠᠨ ᠬᠡᠷᠡᠭᠰᠡᠯ᠂ ᠬᠥᠩᠭᠡᠨ ᠠᠵᠤ ᠦᠢᠯᠡᠳᠪᠦᠷᠢ ᠶᠢᠨ ᠪᠠᠷᠢᠯᠭ᠎ᠠ ᠶᠢᠨ ᠮᠠᠲ᠋ᠧᠷᠢᠶᠠᠯ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ᠂ ᠰᠤᠪᠤᠳ ᠡᠷᠳᠡᠨᠢ ᠬᠠᠰ ᠴᠢᠯᠠᠭᠤ ᠵᠡᠷᠭᠡ 49 ᠶᠡᠭᠡ | ᠲᠥᠷᠥᠯ ᠤᠨ 264 ᠲᠦᠷᠦᠯ ᠤᠨ 4670 ᠪᠣᠯᠵᠣᠯᠲᠤ ᠲᠤᠭ᠎ᠠ ᠳᠤ ᠬᠤᠯᠪᠣᠭᠳᠠᠵᠤ᠂ ᠬᠤᠯᠪᠤᠭᠳᠠᠭᠰᠠᠨ ᠪᠠᠷᠢᠮᠵᠢᠶ᠎ᠠ | ᠨᠢ 5000 ᠭᠠᠷᠤᠢ ᠵᠦᠢᠯ ᠠᠴᠠ ᠳᠠᠪᠠᠪᠠ ︔ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠨᠢᠭᠡ ᠯᠠ ᠦᠷᠲᠡᠭᠡ | ᠮᠠᠶ᠋ᠢᠭ ᠤᠨ ᠦᠢᠯᠡᠴᠢᠯᠡᠭᠡᠨ ᠤ ᠲᠠᠪᠴᠠᠩ ᠤᠨ ︽ ᠪᠤᠣ ᠵᠢᠶᠠᠨ ᠳ᠋ᠣᠣ ︾ ᠳᠤ ᠣᠳᠣᠬᠠᠨ ᠳᠤ ᠳᠠᠩᠰᠠᠯᠠᠭᠤᠯᠤᠭᠰᠠᠨ | ᠠᠵᠤ ᠠᠬᠤᠶᠢᠯᠠᠯ 3400 ᠭᠠᠷᠤᠢ ᠪᠠᠶᠢᠵᠤ᠂ ᠨᠡᠶᠢᠲᠡ 4.5 ᠲᠦᠮᠡᠨ ᠵᠦᠢᠯ ᠤᠳᠠᠭ᠎ᠠ ᠦᠢᠯᠡᠴᠢᠯᠡᠵᠦ᠂ ᠬᠤᠪᠣᠷ | ᠰᠢᠷᠣᠶ᠂ ᠬᠡᠷᠡᠯ ᠴᠡᠨᠡᠭ᠂ ᠰᠢᠨ᠎ᠡ ᠡᠨᠧᠷᠭᠢ᠂ ᠢᠳᠡᠭᠡᠨ᠂ ᠠᠵᠤ ᠦᠢᠯᠡᠳᠪᠦᠷᠢ ᠶᠢᠨ ᠦᠢᠯᠡᠳᠬᠦᠨ ᠵᠡᠷᠭᠡ | ᠭᠤᠤᠯᠳᠠᠯᠭ᠎ᠠ ᠪᠣᠯᠬᠤ ᠬᠦᠷᠢᠶᠡᠨ ᠳᠤ ᠪᠠᠷᠢᠮᠵᠢᠶ᠎ᠠ ᠶᠢ ᠬᠡᠷᠡᠭᠵᠢᠭᠦᠯᠬᠦ ᠲᠤᠭ᠎ᠠ ᠪᠠᠷᠢᠮᠲᠠ ᠶᠢ ᠴᠤᠭᠯᠠᠭᠤᠯᠬᠤ᠂ ᠵᠠᠳᠠᠯᠬᠤ | ᠪᠠ ᠬᠡᠷᠡᠭᠯᠡᠬᠦ ᠶᠢ ᠦᠷᠭᠦᠯᠵᠢᠯᠡᠨ ᠥᠷᠨᠢᠭᠦᠯᠵᠦ ᠴᠢᠳᠠᠨ᠎ᠠ᠃ ᠬᠤᠲᠠ ᠶᠢᠨ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ | ᠲᠥᠪ ᠪᠥᠬᠦ ᠤᠯᠤᠰ ᠤᠨ ᠪᠠᠷᠢᠮᠵᠢᠶ᠎ᠠ ᠶᠢ ᠬᠡᠷᠡᠭᠵᠢᠭᠦᠯᠬᠦ ᠬᠢᠨᠠᠨ ᠬᠡᠮᠵᠢᠬᠦ ᠴᠡᠭ ᠢᠶᠠᠷ ᠠᠵᠠ ᠲᠣᠬᠢᠶᠠᠯ ᠪᠣᠯᠭᠠᠵᠤ᠂ ︽ | ᠪᠤᠣ ᠵᠢᠶᠠᠨ ᠳ᠋ᠣᠣ ︾ ᠲᠠᠪᠴᠠᠩ ᠤᠨ ᠲᠤᠭ᠎ᠠ ᠪᠠᠷᠢᠮᠲᠠ ᠶᠢᠨ ᠤᠷᠤᠰᠬᠠᠯ ᠢ ᠤᠯᠠᠮ ᠨᠢᠭᠡ ᠠᠯᠬᠤᠮ ᠰᠠᠭᠠᠳ ᠥᠬᠡᠶ | ᠨᠡᠪᠲᠡᠷᠡᠭᠦᠯᠵᠦ᠂ ᠪᠠᠷᠢᠮᠵᠢᠶ᠎ᠠ ᠶᠢ ᠬᠡᠷᠡᠭᠵᠢᠭᠦᠯᠬᠦ ᠬᠢᠨᠠᠨ ᠬᠡᠮᠵᠢᠬᠦ ᠶᠢ ᠲᠡᠭᠦᠯᠳᠡᠷᠵᠢᠭᠦᠯᠦᠨ᠂ ᠲᠤᠭ᠎ᠠ ᠪᠠᠷᠢᠮᠲᠠ ᠶᠢᠨ | ᠬᠦᠢᠰᠦ ᠶᠢᠨ ᠴᠢᠳᠠᠮᠵᠢ ᠶᠢ ᠴᠢᠩᠭᠠᠷᠠᠭᠤᠯᠵᠤ᠂ ᠤᠯᠤᠰ ᠤᠨ ᠪᠠᠷᠢᠮᠵᠢᠶ᠎ᠠ ᠶᠢ ᠬᠡᠷᠡᠭᠵᠢᠭᠦᠯᠬᠦ ᠬᠢᠨᠠᠨ ᠬᠡᠮᠵᠢᠬᠦ ᠴᠡᠭ ᠤᠨ | ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠪᠥᠬᠦ ᠤᠯᠤᠰ ᠤᠨ ᠪᠠᠷᠢᠮᠵᠢᠶ᠎ᠠ ᠶᠢ ᠬᠡᠷᠡᠭᠵᠢᠭᠦᠯᠬᠦ ᠬᠢᠨᠠᠨ | ᠬᠡᠮᠵᠢᠬᠦ ᠴᠡᠭ ᠤᠨ ᠪᠥᠲᠥᠭᠡᠨ ᠪᠠᠶᠢᠭᠤᠯᠤᠯᠲᠠ ᠳᠤ ᠪᠤᠭᠤᠲᠤ ᠶᠢᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ | |