︽ᠴᠠᠭᠠᠰᠤᠨ ᠬᠠᠶᠢᠴᠢᠯᠠᠮᠠᠯ ᠪᠣᠯᠪᠠᠰᠤᠨ ᠰᠤᠷᠲᠠᠯ ᠢ ᠬᠠᠶᠢᠴᠢᠯᠠᠵᠤ  ᠡᠶ᠎ᠡ ᠵᠣᠬᠢᠴᠠᠯ ᠲᠠᠢ ᠬᠥᠷᠰᠢ ᠵᠡᠷᠭᠡᠯᠡᠳᠡᠭᠡ ᠶᠢᠨ ᠬᠠᠶᠢᠷ᠎ᠠ ᠰᠡᠳᠬᠢᠯᠭᠡ ᠶᠢ ᠬᠠᠮᠲᠤ ᠪᠠᠷ ᠴᠣᠭᠴᠠᠯᠠᠶ᠎ᠠ︾ — ᠰᠢᠨ  ᠸᠠᠩ ᠨᠡᠶᠢᠭᠡᠮ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/7/2
        ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠣᠭᠴᠠᠯᠠᠵᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠬᠥᠷᠰᠢ ᠵᠡᠷᠭᠡᠯᠡᠳᠡᠭᠡ ᠶᠢᠨ ᠬᠠᠶᠢᠷ᠎ᠠ ᠰᠡᠳᠬᠢᠯᠭᠡ ᠶᠢᠨ ᠰᠣᠯᠢᠯᠴᠠᠭ᠎ᠠ ᠶᠢ ᠨᠡᠮᠡᠭᠳᠡᠭᠦᠯᠵᠦ᠂ ᠡᠶ᠎ᠡ ᠵᠣᠬᠢᠴᠠᠯ ᠲᠠᠢ ᠨᠥᠬᠦᠷᠰᠡᠭ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 5 ᠤ ᠡᠳᠦᠷ᠂ ᠨᠡᠶᠢᠭᠡᠮ ᠲᠣᠭᠤᠷᠢᠭ ᠤᠨ ᠬᠢᠨ ︽ᠴᠠᠭᠠᠰᠤᠨ ᠬᠠᠶᠢᠴᠢᠯᠠᠮᠠᠯ ᠪᠣᠯᠪᠠᠰᠤᠨ ᠰᠤᠷᠲᠠᠯ ᠢ ᠬᠠᠶᠢᠴᠢᠯᠠᠵᠤ ᠡᠶ᠎ᠡ ᠵᠣᠬᠢᠴᠠᠯ ᠲᠠᠢ ᠬᠥᠷᠰᠢ ᠵᠡᠷᠭᠡᠯᠡᠳᠡᠭᠡ ᠶᠢᠨ ᠬᠠᠶᠢᠷ᠎ᠠ ᠰᠡᠳᠬᠢᠯᠭᠡ ᠶᠢ ᠬᠠᠮᠲᠤ ᠪᠠᠷ ᠴᠣᠭᠴᠠᠯᠠᠶ᠎ᠠ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠢᠳᠡᠪᠬᠢᠲᠡᠢ ᠣᠷᠣᠯᠴᠠᠬᠤ ᠶᠢ ᠲᠠᠲᠠᠪᠠ ᠃        ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠨᠡᠶᠢᠭᠡᠮ ᠲᠣᠭᠤᠷᠢᠭ ᠤᠨ ᠬᠢᠨ ᠠᠷᠠᠳ ᠤᠨ ᠳᠤᠮᠳᠠᠬᠢ ᠴᠠᠭᠠᠰᠤᠨ ᠬᠠᠶᠢᠴᠢᠯᠠᠮᠠᠯ ᠤᠨ ᠪᠠᠭᠰᠢ ᠶᠢ ᠤᠷᠢᠵᠤ ᠵᠢᠯᠣᠭᠤᠳᠬᠤ ᠪᠠᠭᠰᠢ ᠪᠣᠯᠭᠠᠪᠠ᠃ ᠪᠠᠭᠰᠢ ᠰᠠᠭᠤᠭᠠᠯᠢ ᠠᠷᠠᠳ ᠲᠤ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠲᠡᠦᠬᠡ ᠶᠢᠨ ᠡᠬᠢ ᠰᠤᠷᠪᠤᠯᠵᠢ ᠪᠣᠯᠤᠨ ᠰᠣᠶᠣᠯ ᠤᠨ ᠠᠭᠤᠯᠤᠭᠳᠠᠬᠤᠨ ᠢ ᠲᠠᠨᠢᠯᠴᠠᠭᠤᠯᠤᠭᠰᠠᠨ ᠪᠥᠭᠡᠳ ᠭᠤᠶᠤ ᠰᠠᠶᠢᠬᠠᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠢ ᠳᠡᠯᠭᠡᠨ ᠦᠵᠡᠭᠦᠯᠵᠡᠶ᠃ ᠨᠢᠭᠡ ᠬᠠᠶᠢᠴᠢ ᠂ ᠨᠢᠭᠡ ᠥᠩᠭᠡᠲᠦ ᠴᠠᠭᠠᠰᠤ᠂ ᠪᠠᠭᠰᠢ ᠶᠢᠨ ᠭᠠᠷ ᠲᠤ ᠳᠡᠭᠡᠭᠰᠢ ᠳᠣᠷᠣᠭᠰᠢ ᠨᠢ ᠨᠢᠰᠴᠦ᠂ ᠤᠳᠠᠯ ᠦᠭᠡᠢ ᠠᠮᠢᠳᠤ ᠴᠡᠴᠡᠭ᠂ ᠬᠡᠯᠪᠡᠷᠢ ᠪᠠᠶᠢᠳᠠᠯ ᠨᠢ ᠠᠳᠠᠯᠢ ᠪᠤᠰᠤ ᠠᠮᠢᠲᠠᠨ ᠵᠡᠷᠭᠡ ᠴᠠᠭᠠᠰᠤᠨ ᠬᠠᠶᠢᠴᠢᠯᠠᠮᠠᠯ  ᠤᠨ ᠪᠦᠲᠦᠭᠡᠯ ᠣᠯᠠᠨ ᠤ ᠨᠢᠳᠦᠨ ᠡᠮᠦᠨ᠎ᠡ ᠢᠯᠡᠷᠡᠵᠦ᠂ ᠰᠠᠭᠤᠭᠠᠯᠢ ᠠᠷᠠᠳ ᠤᠨ ᠮᠠᠭᠲᠠᠭᠠᠯ ᠰᠠᠶᠢᠰᠢᠶᠠᠯ ᠢ ᠣᠯᠤᠭᠰᠠᠨ ᠪᠥᠭᠡᠳ ᠪᠠᠰᠠ ᠣᠯᠠᠨ ᠤ ᠵᠣᠬᠢᠶᠠᠨ ᠪᠦᠲᠦᠭᠡᠬᠦ ᠬᠠᠯᠠᠭᠤᠨ ᠰᠡᠳᠭᠢᠯᠭᠡ ᠶᠢ ᠬᠦᠭᠵᠢᠭᠡᠪᠡ ᠃ ᠳᠠᠷᠠᠭ᠎ᠠ ᠨᠢ᠂ ᠪᠠᠭᠰᠢ ᠶᠢᠨ ᠬᠦᠯᠢᠴᠡᠩᠭᠦᠢ ᠵᠢᠯᠤᠭᠤᠳᠤᠯᠭ᠎ᠠ ᠳᠣᠣᠷ᠎ᠠ᠂ ᠰᠠᠭᠤᠭᠠᠯᠢ ᠠᠷᠠᠳ ᠵᠠᠯᠭᠠᠭ᠎ᠠ ᠪᠠᠷ ᠬᠠᠶᠢᠴᠢ ᠪᠣᠯᠤᠨ ᠥᠩᠭᠡᠲᠦ ᠴᠠᠭᠠᠰᠤ ᠠᠪᠴᠤ᠂ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠨᠠᠷᠢᠨ ᠬᠢᠨᠠᠮᠠᠭᠠᠢ ᠰᠤᠷᠤᠯᠴᠠᠪᠠ᠃ ᠣᠯᠠᠨ ᠢᠶᠠᠷ ᠢᠶᠠᠨ ᠬᠠᠮᠲᠤ ᠰᠠᠭᠤᠵᠤ᠂ ᠬᠠᠷᠢᠯᠴᠠᠨ ᠬᠠᠪᠰᠤᠷᠤᠯᠴᠠᠵᠤ᠂ ᠰᠡᠳᠭᠢᠯᠭᠡ ᠪᠠᠨ ᠰᠣᠯᠢᠯᠴᠠᠪᠠ᠃ ᠬᠠᠮᠤᠭ ᠠᠩᠬ᠎ᠠ ᠬᠠᠶᠢᠴᠢᠯᠠᠵᠤ ᠴᠢᠳᠠᠬᠤ ᠦᠭᠡᠢ  ᠪᠠᠶᠢᠭᠰᠠᠨ ᠠᠴᠠ ᠪᠠᠨ ᠂ ᠠᠭᠠᠵᠢᠮ ᠢᠶᠠᠷ ᠬᠠᠶᠢᠴᠢ ᠶᠢ ᠪᠣᠯᠪᠠᠰᠤᠷᠠᠩᠭᠤᠢ ᠬᠡᠷᠡᠭᠯᠡᠬᠦ ᠪᠣᠯᠵᠤ ᠂ ᠥᠩᠭᠡᠲᠦ ᠴᠠᠭᠠᠰᠤ ᠨᠢᠭᠡᠪᠦᠷᠢ ᠰᠠᠭᠤᠭᠠᠯᠢ ᠠᠷᠠᠳ ᠤᠨ ᠭᠠᠷ ᠲᠤ ᠭᠤᠶᠣ ᠰᠠᠶᠢᠬᠠᠨ ᠤᠷᠠᠯᠢᠭ ᠤᠨ ᠪᠦᠲᠦᠭᠡᠯ ᠪᠣᠯᠤᠭᠰᠠᠨ ᠪᠠᠶᠢᠨ᠎ᠠ ᠃ ᠠᠵᠢᠯᠯᠠᠭ᠎ᠠ ᠶᠢᠨ ᠶᠠᠪᠤᠴᠠ ᠳᠤ᠂ ᠪᠠᠶᠠᠷ ᠬᠦᠷ ᠢᠶᠠᠷ ᠪᠢᠯᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠬᠠᠷᠢᠯᠴᠠᠨ ᠰᠤᠷᠤᠯᠴᠠᠵᠤ᠂ ᠬᠠᠷᠢᠯᠴᠠᠨ ᠵᠣᠷᠢᠭᠵᠢᠭᠤᠯᠵᠤ᠂ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠠᠪᠴᠢᠷᠠᠭᠰᠠᠨ ᠪᠠᠶᠠᠷ ᠪᠠᠶᠠᠰᠤᠯ ᠢ ᠬᠠᠮᠲᠤᠪᠠᠷ ᠮᠡᠳᠡᠷᠡᠪᠡ᠃        ︽ᠪᠢ ᠤᠤᠯ ᠨᠢ ᠵᠥᠪᠬᠡᠨ ᠲᠧᠯᠸᠢᠰ ᠳᠡᠭᠡᠷ᠎ᠡ ᠴᠠᠭᠠᠰᠤᠨ ᠬᠠᠶᠢᠴᠢᠯᠠᠮᠠᠯ ᠢ ᠦᠵᠡᠵᠦ ᠪᠠᠶᠢᠵᠠᠢ ᠂ ᠥᠪᠡᠷ ᠢᠶᠠᠨ ᠪᠠᠰᠠ ᠡᠶᠢᠮᠦ ᠰᠠᠶᠢᠬᠠᠨ ᠵᠢᠷᠤᠭ ᠢ ᠬᠠᠶᠢᠴᠢᠯᠠᠵᠤ ᠴᠢᠳᠠᠨ᠎ᠠ ᠭᠡᠵᠦ ᠶᠡᠷᠦ ᠪᠣᠳᠣᠵᠤ ᠣᠯᠤᠭᠰᠠᠨ ᠦᠭᠡᠢ᠂ ᠮᠠᠰᠢ ᠠᠮᠵᠢᠯᠲᠠ ᠲᠠᠢ ᠰᠠᠨᠠᠭᠳᠠᠵᠤ ᠪᠠᠶᠢᠨ᠎ᠠ︾ ᠭᠡᠵᠦ ᠠᠵᠢᠯᠯᠠᠭ᠎ᠠ ᠳᠤ ᠣᠷᠣᠯᠴᠠᠭᠰᠠᠨ ᠨᠢᠭᠡᠨ ᠰᠠᠭᠤᠭᠠᠯᠢ ᠠᠷᠠᠳ ᠪᠠᠶᠠᠷᠲᠠᠢ ᠪᠠᠷ ᠬᠡᠯᠡᠪᠡ᠃ ᠨᠥᠭᠦᠭᠡ ᠨᠢᠭᠡ ᠰᠠᠭᠤᠭᠠᠯᠢ ᠠᠷᠠᠳ ᠪᠠᠰᠠ ᠂ ᠡᠨᠡ ᠤᠳᠠᠭᠠᠨ ᠤ ᠬᠥᠳᠡᠯᠭᠡᠭᠡᠨ ᠢᠶᠠᠷ ᠳᠡᠮᠵᠢᠨ᠂ ᠴᠠᠭᠠᠰᠤᠨ ᠬᠠᠶᠢᠴᠢᠯᠠᠮᠠᠯ ᠤᠨ ᠤᠷ᠎ᠠ ᠮᠡᠷᠭᠡᠵᠢᠯ ᠢ ᠰᠤᠷᠤᠭᠰᠠᠨ ᠢᠶᠠᠷ ᠪᠠᠷᠠᠬᠤ ᠥᠬᠡᠶ᠂ ᠨᠠᠩ ᠴᠢᠬᠤᠯᠠ ᠨᠢ ᠮᠠᠰᠢ ᠣᠯᠠᠨ ᠰᠢᠨ᠎ᠡ ᠬᠥᠷᠰᠢ ᠵᠡᠷᠭᠡᠯᠡᠳᠡᠭᠡ ᠶᠢᠨ ᠨᠠᠶᠢᠵᠠ ᠲᠠᠨᠢᠵᠤ᠂ ᠬᠤᠭᠤᠷᠣᠨᠳᠣᠬᠢ ᠰᠡᠳᠬᠢᠯᠭᠡ ᠪᠠᠨ ᠨᠡᠮᠡᠭᠳᠡᠭᠦᠯᠦᠭᠰᠡᠨ ᠪᠠᠶᠢᠨ᠎ᠠ ᠭᠡᠵᠦ ᠢᠯᠡᠷᠬᠡᠶᠢᠯᠡᠪᠡ ᠃        ᠲᠣᠰ ᠤᠳᠠᠭᠠᠨ ᠤ ᠴᠠᠭᠠᠰᠤᠨ ᠬᠠᠶᠢᠴᠢᠯᠠᠮᠠᠯ ᠤᠨ ᠠᠵᠢᠯᠯᠠᠭ᠎ᠠ ᠨᠢ ᠰᠠᠭᠤᠭᠠᠯᠢ ᠠᠷᠠᠳ ᠲᠤ ᠤᠯᠠᠮᠵᠢᠯᠠᠯᠲᠤ ᠴᠠᠭᠠᠰᠤᠨ ᠬᠠᠶᠢᠴᠢᠯᠠᠮᠠᠯ ᠤᠨ ᠤᠷᠠᠯᠢᠭ ᠤᠨ ᠷᠢᠳᠢ ᠰᠢᠳᠢ ᠶᠢ ᠪᠡᠶᠡᠴᠢᠯᠡᠨ ᠣᠶᠢᠯᠠᠭᠠᠭᠤᠯᠤᠭᠰᠠᠨ ᠢᠶᠠᠷ ᠪᠠᠷᠠᠬᠤ ᠥᠬᠡᠶ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠨᠡᠩ ᠴᠤ ᠠᠵᠢᠯᠯᠠᠭ᠎ᠠ ᠶᠢᠨ ᠳᠤᠮᠳᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠤᠭᠤᠷᠣᠨᠳᠣᠬᠢ ᠵᠠᠶ ᠶᠢ ᠣᠶᠢᠷᠠᠲᠤᠭᠤᠯᠵᠤ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠴᠢᠩᠭᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠴᠣᠭᠴᠠᠯᠠᠪᠠ ᠃ ᠲᠠᠷᠠᠭᠠᠴᠢ ᠶᠢᠨ ᠠᠯᠬᠤᠮ ᠳᠤ᠂ ᠰᠢᠨ ᠸᠠᠩ ᠨᠡᠶᠢᠭᠡᠮ ᠲᠣᠭᠤᠷᠢᠭ ᠤᠨ  ᠬᠢᠨ ᠣᠯᠠᠨ ᠶᠠᠩᠵᠤ ᠬᠡᠯᠪᠡᠷᠢ ᠶᠢᠨ᠂ ᠠᠭᠤᠯᠭ᠎ᠠ ᠪᠠᠷ ᠪᠠᠶᠠᠯᠢᠭ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠵᠤ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠬᠠᠮᠲᠤ ᠪᠠᠷ ᠪᠣᠶ ᠪᠣᠯᠭᠠᠨ᠎ᠠ ᠃ 
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号