︽ᠲᠠ ᠨᠠᠷ ᠲᠤ ᠮᠠᠰᠢ ᠲᠠᠯᠠᠷᠬᠠᠵᠤ ᠪᠠᠶᠢᠨ᠎ᠠ᠂ ᠪᠢ ᠨᠠᠰᠤ ᠠᠬᠢᠭᠰᠠᠨ ᠪᠣᠯᠬᠤᠷ ᠴᠣᠩᠬᠤᠨ ᠰᠢᠯ ᠵᠦᠯᠭᠦᠵᠦ | ᠨᠠᠳᠠ ᠳᠤ ᠠᠪᠴᠤ ᠬᠡᠯᠡᠪᠡᠯ ᠶᠡᠭᠡ ᠬᠦᠴᠢᠷ ᠠᠰᠠᠭᠤᠳᠠᠯ ᠶᠤᠮ ᠂ ᠲᠠ ᠨᠠᠷ ᠦᠨᠡᠬᠡᠷ ᠨᠠᠳᠠ ᠳᠤ ᠶᠡᠭᠡ ᠬᠠᠪᠰᠤᠷᠤᠯᠭ᠎ᠠ | ᠦᠵᠡᠭᠦᠯᠵᠡᠢ︾ ᠭᠡᠵᠦ ᠶᠢᠨ ᠠᠨᠢᠶ᠎ᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠥᠮᠦᠰ ᠤᠨ ᠭᠠᠷ ᠢ | ᠪᠠᠷᠢᠵᠤ ᠲᠠᠯᠠᠷᠬᠠᠨ ᠬᠡᠯᠡᠪᠡ᠃ | ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯᠯᠠᠭ᠎ᠠ ᠶᠢ ᠤᠯᠠᠮ ᠨᠢᠭᠡ | ᠠᠯᠬᠤᠮ ᠠᠬᠢᠭᠤᠯᠵᠤ᠂ ᠬᠤᠪᠢᠰᠬᠠᠯ ᠤᠨ ᠬᠥᠳᠡᠯᠭᠡᠬᠦ ᠬᠦᠴᠦᠨ ᠢ ᠬᠥᠭᠵᠢᠭᠡᠨ᠂ ᠬᠠᠷᠢᠶ᠎ᠠ ᠲᠣᠭᠤᠷᠢᠭ ᠤᠨ ᠰᠠᠶᠢᠨ | ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠳᠠᠶᠢᠴᠢᠯᠠᠵᠤ᠂ ᠪᠠᠲᠤ ᠴᠢᠩᠭ᠎ᠠ ᠪᠠᠬᠢᠯᠡᠯᠲᠡ ᠶᠢᠨ ᠵᠢᠱᠢᠶᠡᠴᠢ ᠨᠠᠮ ᠤᠨ | ᠡᠭᠦᠷ ᠤᠨ ᠢᠳᠡᠪᠬᠢᠵᠢᠯ ᠢ ᠪᠠᠳᠠᠷᠠᠭᠤᠯᠤᠨ᠂ ᠬᠠᠷᠢᠶ᠎ᠠ ᠲᠣᠭᠤᠷᠢᠭ ᠤᠨ ᠳᠣᠲᠣᠷᠠᠬᠢ ᠶᠠᠳᠠᠭᠤ ᠬᠦᠴᠢᠷᠳᠡᠯᠲᠡᠶ ᠬᠡᠷ | ᠪᠦᠯᠢ ᠳᠤ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠮᠡᠳᠡᠷᠡᠭᠦᠯᠬᠦ ᠶᠢᠨ ᠲᠥᠯᠥᠭᠡ᠂ ᠰᠢᠨ ᠸᠠᠩ ᠨᠡᠶᠢᠭᠡᠮ | ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢᠳ ᠢ ᠵᠣᠬᠢᠶᠠᠨ ᠪᠠᠶᠢᠭᠤᠯᠵᠤ ︽ ᠴᠣᠩᠬᠤᠨ ᠰᠢᠯ ᠭᠡᠭᠡᠨ | ᠲᠤᠩᠭᠠᠯᠠᠭ · ᠦᠳᠡᠰᠢ ᠶᠢᠨ ᠨᠠᠷᠠ ᠰᠡᠳᠭᠢᠯ ᠢ ᠲᠤᠯᠠᠭᠠᠴᠠᠭᠤᠯᠤᠨ᠎ᠠ ︾ ᠭᠡᠬᠦ ᠭᠤᠤᠯ ᠰᠡᠳᠦᠪ ᠢᠶᠠᠷ ᠣᠨᠴᠠᠭᠠᠶ | ᠬᠠᠶᠢᠷ᠎ᠠ ᠬᠠᠯᠠᠮᠵᠢ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠡᠳᠦᠷ᠂ ᠰᠠᠶᠢᠨ ᠳᠤᠷ᠎ᠠ ᠶᠢᠨ ᠠᠵᠢᠯᠯᠠᠭᠴᠢᠳ ᠠᠯᠢ ᠡᠷᠲᠡ ᠴᠤᠭᠯᠠᠷᠠᠯ ᠤᠨ | ᠴᠡᠭ ᠲᠤ ᠬᠦᠷᠴᠦ᠂ ᠪᠠᠭᠠᠵᠢ ᠬᠡᠷᠡᠭᠰᠡᠯ ᠢᠶᠠᠨ ᠠᠪᠴᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠯᠪᠠᠨ | ᠵᠢᠷᠤᠮ ᠤᠨ ᠬᠥᠳᠡᠯᠮᠦᠷᠢ ᠳᠤ ᠣᠷᠣᠯᠴᠠᠪᠠ᠃ ᠰᠠᠶᠢᠨ ᠳᠤᠷ᠎ᠠ ᠶᠢᠨ ᠠᠵᠢᠯᠯᠠᠭᠴᠢᠳ ᠳᠤᠭᠤᠶᠢᠯᠠᠩ ᠬᠤᠪᠢᠶᠠᠨ ᠬᠠᠷᠢᠶ᠎ᠠ | ᠲᠣᠭᠤᠷᠢᠭ ᠤᠨ ᠶᠠᠳᠠᠭᠤ ᠬᠦᠴᠢᠷᠳᠡᠯᠲᠡᠢ ᠭᠡᠷ ᠪᠦᠯᠢ ᠳᠤ ᠬᠦᠷᠴᠦ᠂ ᠪᠠᠴᠢᠮ ᠪᠥᠭᠡᠳ ᠡᠮᠬᠢ ᠵᠢᠷᠤᠮ ᠲᠠᠢ ᠠᠷᠢᠭᠤᠨ | ᠴᠡᠪᠡᠷ ᠤᠨ ᠠᠵᠢᠯ ᠢᠶᠠᠨ ᠡᠬᠢᠯᠡᠭᠦᠯᠪᠡ᠃ ᠲᠡᠳᠡᠨ ᠤ ᠵᠠᠷᠢᠮ ᠨᠢ ᠱᠦᠭᠦᠷ ᠡᠷᠭᠢᠭᠦᠯᠦᠨ ᠭᠠᠵᠠᠷ ᠤᠨ ᠭᠠᠳᠠᠷᠭᠤ ᠶᠢ | ᠴᠡᠪᠡᠷᠯᠡᠵᠦ᠂ ᠵᠠᠷᠢᠮ ᠨᠢ ᠴᠣᠩᠬᠤᠨ ᠰᠢᠯ ᠢ ᠨᠠᠷᠢᠨ ᠨᠢᠮᠪᠠᠢ ᠠᠷᠴᠢᠵᠤ᠂ ᠪᠠᠰᠠ ᠵᠠᠷᠢᠮ ᠨᠢ ᠲᠡᠳᠡᠨ ᠢ ᠬᠠᠪᠰᠤᠷᠤᠨ | ᠭᠡᠷ ᠤᠨ ᠠᠵᠢᠯ ᠢ ᠨᠢ ᠬᠢᠨ᠎ᠡ ᠃ ᠰᠠᠶᠢᠨ ᠳᠤᠷ᠎ᠠ ᠶᠢᠨ ᠠᠵᠢᠯᠯᠠᠭᠴᠢᠳ ᠤᠨ ᠰᠢᠷᠭᠠᠭᠤ ᠴᠢᠷᠮᠠᠶᠢᠯᠭ᠎ᠠ ᠪᠠᠷ ᠳᠠᠮᠵᠢᠨ᠂ | ᠭᠡᠷ ᠪᠦᠯᠢ ᠨᠢᠭᠡᠪᠦᠷᠢ ᠰᠢᠨᠡᠳᠴᠦ᠂ ᠴᠡᠪᠡᠷ ᠴᠡᠮᠴᠡᠭᠡᠷ ᠣᠷᠴᠢᠨ ᠲᠣᠭᠤᠷᠢᠨ ᠨᠢ ᠬᠥᠮᠦᠰ ᠲᠤ ᠨᠡᠶᠢᠭᠡᠮ ᠲᠣᠭᠤᠷᠢᠭ ᠤᠨ | ᠬᠠᠶᠢᠷ᠎ᠠ ᠬᠠᠯᠠᠮᠵᠢ ᠶᠢ ᠮᠡᠳᠡᠷᠡᠭᠦᠯᠪᠡ᠃ | | | | | ᠲᠣᠰ ᠤᠳᠠᠭᠠᠨ ᠤ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ | ᠬᠦᠴᠢᠷᠳᠡᠯᠲᠡᠶ ᠭᠡᠷ ᠪᠦᠯᠢ ᠶᠢᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠴᠢᠩ ᠦᠨᠡᠨᠴᠢ | ᠪᠥᠭᠡᠳ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠳᠠᠮᠵᠢᠭᠤᠯᠵᠠᠶ᠃ ᠳᠠᠷᠠᠭᠠᠴᠢ ᠶᠢᠨ ᠠᠯᠬᠤᠮ ᠳᠤ᠂ ᠰᠢᠨ ᠸᠠᠩ | ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ︽ᠬᠥᠮᠦᠨ ᠢᠶᠠᠷ ᠦᠨᠳᠦᠰᠦ ᠪᠣᠯᠭᠠᠵᠤ᠂ ᠰᠠᠭᠤᠭᠠᠯᠢ ᠠᠷᠠᠳ ᠢ | ᠬᠠᠯᠠᠮᠵᠢᠯᠠᠬᠤ︾ ᠵᠣᠷᠢᠯᠲᠠ ᠶᠢ ᠪᠠᠷᠢᠮᠲᠠᠯᠠᠵᠤ᠂ ᠬᠤᠤᠰᠯᠠᠯ ᠪᠠᠶᠢᠭᠤᠯᠵᠤ ᠬᠠᠪᠰᠤᠷᠤᠨ ᠲᠡᠳᠬᠦᠬᠦ ᠲᠣᠭᠲᠠᠴᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠬᠤ ᠪᠠᠷ | ᠲᠦᠰᠢᠭ ᠪᠣᠯᠭᠠᠵᠤ᠂ ᠬᠠᠷᠢᠶ᠎ᠠ ᠲᠣᠭᠤᠷᠢᠭ ᠤᠨ ᠬᠦᠴᠢᠷᠳᠡᠯᠲᠡᠶ ᠭᠡᠷ ᠪᠦᠯᠢ ᠶᠢᠨ ᠬᠠᠮᠲᠤᠯᠢᠭ ᠤᠨ ᠬᠡᠷᠡᠭᠴᠡᠭᠡ ᠶᠢ | ᠨᠠᠷᠢᠯᠢᠭ ᠣᠨᠣᠪᠴᠢᠲᠠᠢ ᠵᠣᠯᠭᠠᠭᠤᠯᠵᠤ᠂ ᠬᠦᠴᠢᠷᠳᠡᠯ ᠢ ᠬᠠᠪᠰᠤᠷᠤᠨ ᠲᠡᠳᠬᠦᠬᠦ ᠦᠢᠯᠡᠴᠢᠯᠡᠭᠡᠨ ᠤ ᠲᠤᠰᠬᠠᠶ | ᠮᠡᠷᠭᠡᠵᠢᠯ ᠤᠨ ᠴᠢᠨᠠᠷ ᠪᠠ ᠬᠠᠶᠢᠷ᠎ᠠ ᠰᠡᠳᠬᠢᠯᠭᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠡᠳᠡᠨ ᠤ ᠠᠮᠢᠳᠤᠷᠠᠯ ᠢ | ᠨᠠᠩ ᠴᠢᠨᠠᠷ ᠴᠢᠨᠰᠠᠭ᠎ᠠ ᠲᠠᠢ᠂ ᠨᠠᠩ ᠪᠠᠲᠤᠯᠠᠭ᠎ᠠ ᠲᠠᠢ ᠪᠣᠯᠭᠠᠨ᠎ᠠ᠃ | |