ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠦᠷᠭᠦᠯᠵᠢᠯᠡᠨ ᠳᠡᠭᠡᠭᠰᠢᠯᠡᠭᠦᠯᠵᠦ᠂ | ᠬᠠᠷᠢᠶ᠎ᠠ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠭᠦᠨᠵᠡᠭᠡᠢ ᠠᠬᠢᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠰᠢᠨ ᠸᠠᠩ | ᠨᠡᠶᠢᠭᠡᠮ ᠲᠣᠭᠤᠷᠢᠭ ᠤᠨ ᠬᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ | ᠢᠳᠡᠪᠬᠢᠲᠡᠢ ᠥᠷᠨᠢᠭᠦᠯᠵᠦ᠂ ᠪᠣᠳᠠᠲᠠᠢ ᠠᠷᠭ᠎ᠠ ᠬᠡᠮᠵᠢᠶ᠎ᠡ ᠪᠠᠷ ᠨᠡᠶᠢᠭᠡᠮ ᠲᠣᠭᠤᠷᠢᠭ ᠤᠨ ᠣᠷᠣᠨ ᠰᠠᠭᠤᠴᠠ ᠶᠢᠨ | ᠣᠷᠴᠢᠨ ᠲᠣᠭᠤᠷᠢᠨ ᠪᠣᠯᠤᠨ ᠶᠠᠰᠤ ᠴᠢᠨᠠᠷ ᠢ ᠳᠡᠭᠡᠭᠰᠢᠯᠡᠭᠦᠯᠵᠦ᠂ ᠨᠡᠩ ᠴᠡᠪᠡᠷ ᠴᠡᠮᠴᠡᠭᠡᠷ ᠠᠮᠢᠳᠤᠷᠠᠯ ᠤᠨ ᠣᠷᠴᠢᠨ | ᠲᠣᠭᠤᠷᠢᠨ ᠢ ᠬᠠᠮᠲᠤᠪᠠᠷ ᠪᠤᠢ ᠪᠣᠯᠭᠠᠪᠠ ᠃ | | ᠠᠵᠢᠯ ᠤᠨ ᠬᠤᠪᠢᠶᠠᠷᠢᠯᠠᠯ ᠲᠣᠳᠤᠷᠬᠠᠢ ᠪᠠᠶᠢᠵᠤ᠂ ︽ᠲᠣᠣᠷᠵᠢᠯ ᠤᠨ ᠤᠯᠠᠭᠠᠨ︾ ︽ᠣᠷᠴᠢᠨ | ᠲᠣᠭᠤᠷᠢᠨ ᠤ ᠨᠣᠭᠤᠭᠠᠨ︾ ᠢ ᠭᠡᠷᠡᠯᠲᠦᠭᠦᠯᠪᠡ ᠃ ᠠᠵᠢᠯᠯᠠᠭ᠎ᠠ ᠶᠢᠨ ᠳᠤᠮᠳᠠ᠂ ᠣᠯᠠᠨ ᠢᠶᠠᠷ ᠢᠶᠠᠨ ᠲᠤᠤᠷᠵᠢᠭᠤᠯᠤᠯᠳᠠ | ᠶᠣᠰᠣᠭᠠᠷ ᠬᠡᠰᠡᠭ ᠬᠤᠪᠢᠶᠠᠨ ᠳᠤᠭᠤᠶᠢᠯᠠᠩ ᠬᠤᠪᠢᠶᠠᠵᠤ᠂ ᠭᠠᠷ ᠲᠠᠭᠠᠨ ᠱᠦᠭᠦᠷ᠂ ᠬᠠᠪᠬᠠᠭᠠᠰᠤ᠂ ᠬᠤᠭ | ᠨᠣᠪᠰᠢ ᠶᠢᠨ ᠤᠭᠤᠲᠠ ᠵᠡᠷᠭᠡ ᠪᠠᠭᠠᠵᠢ ᠬᠡᠷᠡᠭᠰᠡᠯ ᠢᠶᠠᠨ ᠠᠪᠴᠤ᠂ ︽ᠬᠦᠴᠢᠷ ᠠᠴᠠ ᠠᠶᠤᠬᠤ ᠥᠬᠡᠶ᠂ ᠪᠤᠵᠠᠷ ᠠᠴᠠ | ᠠᠶᠤᠬᠤ ᠥᠬᠡᠶ᠂ ᠶᠠᠳᠠᠷᠠᠬᠤ ᠠᠴᠠ ᠠᠶᠤᠬᠤ ᠥᠬᠡᠶ︾ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠶᠢ ᠭᠦᠢᠴᠡᠳ | ᠪᠠᠳᠠᠷᠠᠭᠤᠯᠵᠤ᠂ ᠠᠷᠤ ᠵᠡᠭᠡᠯᠢ ᠭᠤᠳᠤᠮᠵᠢ᠂ ᠡᠷᠡᠭᠦᠯ ᠬᠠᠮᠠᠭᠠᠯᠠᠯ ᠤᠨ ᠥᠯᠥ ᠣᠨᠣᠭᠳᠠᠬᠤ ᠭᠠᠵᠠᠷ᠂ | ᠨᠣᠭᠤᠭᠠᠷᠠᠭᠤᠯᠤᠯᠲᠠ ᠶᠢᠨ ᠪᠦᠰᠡ ᠶᠢᠨ ᠪᠤᠵᠠᠷ ᠡᠪᠡᠰᠦ᠂ ᠬᠡᠷᠡᠮ ᠤᠨ ᠭᠠᠳᠠᠷᠭᠤ ᠵᠡᠷᠭᠡ ᠳᠤ ︽ᠬᠡᠪᠢᠰ ᠮᠠᠶ᠋ᠢᠭ︾ ᠤᠨ | ᠴᠡᠪᠡᠷᠯᠡᠯᠲᠡ ᠬᠢᠵᠦ ᠂ ᠣᠯᠠᠨ ᠢᠶᠠᠷ ᠢᠶᠠᠨ ᠪᠣᠳᠠᠲᠤ ᠠᠵᠢᠯᠯᠠᠭ᠎ᠠ ᠪᠠᠷ ᠢᠶᠠᠨ ︽ ᠲᠣᠣᠷᠵᠢᠯᠲᠠᠨ ᠬᠠᠷᠠᠭᠤᠯ ᠲᠠᠯᠪᠢᠵᠦ ᠂ | ᠨᠠᠮ ᠤᠨ ᠭᠡᠰᠢᠭᠦᠳ ᠨᠡᠷ᠎ᠡ ᠮᠡᠳᠡᠭᠦᠯᠬᠦ︾ ᠵᠠᠰᠠᠯᠲᠠ ᠶᠢᠨ ᠬᠠᠮᠲᠤᠷᠠᠯ ᠬᠦᠴᠦᠨ ᠢ ᠲᠠᠶᠢᠯᠪᠤᠷᠢᠯᠠᠪᠠ᠃ | | ︽ᠭᠡᠮ ᠠᠷᠬᠠᠭ ᠢ ᠴᠡᠭᠴᠡᠯᠡᠨ ᠵᠠᠰᠠᠵᠤ ︾ ︽ᠥᠩᠭᠡᠨ ᠲᠠᠯ᠎ᠠ︾ ᠶᠢᠨ ᠪᠠᠶᠢᠭᠰᠠᠨ ᠢ ᠪᠣᠲᠠᠲᠠᠢ ᠪᠣᠯᠭᠠᠪᠠ ᠃ | ᠬᠠᠷᠢᠶᠠᠲᠤ ᠲᠣᠭᠤᠷᠢᠭ ᠤᠨ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠡᠯᠳᠡᠪ ᠪᠣᠳᠠᠰ ᠵᠠᠮ ᠡᠵᠡᠯᠡᠬᠦ ᠵᠡᠷᠭᠡ ︽ | ᠬᠦᠴᠢᠷ ᠠᠰᠠᠭᠤᠳᠠᠯ︾ ᠳᠤ ᠴᠢᠭᠯᠡᠭᠦᠯᠦᠨ᠂ ᠲᠣᠣᠷᠵᠢᠯ ᠤᠨ ᠠᠵᠢᠯᠲᠠᠨ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠬᠤᠭ ᠨᠣᠪᠰᠢ ᠶᠢ ᠴᠡᠪᠡᠷᠯᠡᠬᠦ ᠶᠢᠨ ᠬᠠᠮᠲᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠯᠭᠡ ᠶᠢ ᠤᠬᠠᠭᠤᠯᠵᠤ᠂ ᠰᠠᠭᠤᠭᠠᠯᠢ ᠠᠷᠠᠳ ᠢ ᠰᠠᠶᠢᠨ ᠰᠠᠶᠢᠬᠠᠨ | ᠡᠷᠡᠭᠦᠯ ᠬᠠᠮᠠᠭᠠᠯᠠᠯ ᠤᠨ ᠳᠠᠳᠬᠠᠯ ᠲᠠᠢ ᠪᠣᠯᠵᠤ ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠬᠠᠮᠲᠤ ᠪᠠᠷ ᠬᠠᠮᠠᠭᠠᠯᠠᠵᠤ᠂ ᠦᠵᠡᠰᠬᠦᠯᠡᠩᠲᠦ ᠰᠠᠶᠢᠬᠠᠨ ᠬᠡᠷ ᠣᠷᠣᠨ ᠢ ᠪᠥᠲᠥᠭᠡᠨ ᠪᠠᠶᠢᠭᠤᠯᠬᠤ ᠳᠤ | ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠬᠦᠲᠦᠯᠦᠨ ᠵᠢᠯᠤᠭᠤᠳᠪᠠ ᠃ ︽ᠵᠡᠭᠡᠯᠢ ᠭᠤᠳᠤᠮᠵᠢ ᠶᠢᠨ ᠵᠠᠮ | ᠴᠡᠪᠡᠷ ᠴᠡᠮᠴᠡᠭᠡᠷ ᠪᠣᠯᠤᠭᠰᠠᠨ ᠢ ᠬᠠᠷᠠᠭᠠᠳ ᠰᠡᠳᠭᠢᠯ ᠰᠠᠨᠠᠭ᠎ᠠ ᠴᠤ ᠠᠭᠤᠵᠢᠷᠠᠪᠠ︕ ︾ ᠭᠡᠵᠦ ᠰᠠᠭᠤᠭᠠᠯᠢ ᠠᠷᠠᠳ | ᠯᠦ ᠠᠨᠢᠶ᠎ᠠ ᠪᠠᠶᠠᠷᠲᠠᠢ ᠪᠠᠷ ᠬᠡᠯᠡᠪᠡ᠃ | | ᠪᠠᠢᠩᠭᠤ ᠪᠥᠭᠡᠳ ᠤᠷᠲᠤ ᠬᠤᠭᠤᠴᠠᠭ᠎ᠠ ᠪᠠᠷ ᠪᠦᠲᠦᠮᠵᠢᠲᠡᠢ ᠪᠠᠶᠢᠵᠤ ᠂ ︽ᠨᠢᠭᠡ ᠦᠶ᠎ᠡ ᠰᠠᠶᠢᠬᠠᠨ ︾ ᠶᠢ | ︽ᠤᠳᠠᠭᠠᠨ ᠳᠠᠭᠠᠭᠠᠮᠠᠭᠠᠢ ᠰᠠᠶᠢᠬᠠᠨ ︾ ᠪᠣᠯᠭᠠᠨ᠎ᠠ ᠃ ᠣᠷᠴᠢᠨ ᠲᠣᠭᠤᠷᠢᠨ ᠤ ᠶᠡᠭᠡ ᠴᠡᠪᠡᠷᠯᠡᠯᠲᠡ ᠶᠢᠨ | ᠠᠵᠢᠯᠯᠠᠭ᠎ᠠ ᠨᠢ ᠨᠢᠭᠡ ᠤᠳᠠᠭᠠᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠶᠠᠪᠤᠳᠠᠯ ᠪᠣᠯᠬᠤ ᠪᠠᠷ ᠪᠠᠷᠠᠬᠤ ᠦᠭᠡᠢ᠂ | ᠨᠡᠩ ᠴᠤ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠩᠭᠤᠵᠢᠭᠰᠠᠨ | ᠬᠠᠮᠢᠶᠠᠷᠤᠯᠲᠠ ᠶᠢ ᠠᠬᠢᠭᠤᠯᠬᠤ ᠬᠤᠷᠢᠶᠠᠩᠭᠤᠢ ᠳᠦᠷᠰᠦ ᠪᠣᠯᠣᠨ᠎ᠠ᠃ ︽ᠲᠣᠭᠲᠠᠮᠠᠯ ᠴᠠᠭ ᠬᠤᠭᠤᠴᠠᠭ᠎ᠠ + ᠪᠥᠬᠦ | ᠠᠵᠢᠯᠲᠠᠨ ᠣᠷᠣᠯᠴᠠᠬᠤ︾ ᠵᠠᠭᠪᠤᠷ ᠢᠶᠠᠷ ᠳᠠᠮᠵᠢᠭᠤᠯᠤᠨ᠂ ᠬᠠᠷᠢᠭᠤᠴᠠᠯᠭ᠎ᠠ ᠶᠢᠨ ᠬᠡᠯᠬᠢᠶ᠎ᠡ ᠶᠢ ᠦᠷᠭᠦᠯᠵᠢᠯᠡᠨ | ᠴᠢᠩᠭᠠᠯᠠᠵᠤ᠂ ︽ᠬᠠᠳᠬᠤᠮᠠᠯ ᠬᠠᠳᠬᠤᠬᠤ ᠡᠷᠳᠡᠮ︾ ᠢᠶᠠᠷ ᠣᠷᠴᠢᠨ ᠲᠣᠭᠤᠷᠢᠨ ᠤ ᠵᠠᠰᠠᠯᠲᠠ ᠶᠢᠨ ᠲᠣᠤᠷ ᠢ | ᠨᠢᠭᠲᠠ ᠰᠦᠯᠵᠢᠵᠦ᠂ ᠬᠠᠷᠢᠶᠠᠲᠤ ᠲᠣᠭᠤᠷᠢᠭ ᠢ ︽ ᠴᠡᠮᠴᠡᠭᠡᠷ︾ ᠪᠠᠶᠢᠭᠰᠠᠨ ᠠᠴᠠ ︽ᠨᠠᠷᠢᠯᠢᠭ︾ ᠲᠡᠶᠢᠰᠢ ᠲᠠᠰ | ᠳᠡᠪᠰᠢᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯᠲᠤ ᠠᠮᠢᠳᠤᠷᠠᠯ ᠳᠤ ᠬᠦᠴᠦᠨ ᠨᠡᠮᠡᠷᠢᠯᠡᠪᠡ ᠃ | |