ᠰᠠᠯᠠᠭ᠎ᠠ ᠮᠥᠴᠢᠷ ᠤᠨ ᠬᠠᠶᠢᠷ᠎ᠠ ᠰᠡᠳᠭᠢᠯᠭᠡ ᠠᠷᠠᠳ ᠤᠨ ᠵᠣᠪᠠᠨᠢᠯ ᠢ ᠠᠷᠢᠯᠭᠠᠵᠤ ᠠᠷᠠᠳ ᠤᠨ ᠲᠥᠯᠥᠭᠡ ᠮᠣᠳᠣ ᠣᠭᠲᠣᠯᠵᠤ ᠳᠠᠯᠳᠠ ᠭᠡᠮ ᠢ ᠠᠷᠢᠯᠭᠠᠪᠠ
ᠨᠡᠶᠢᠲᠡᠯᠡᠭᠰᠡᠨ ᠴᠠᠭ᠄
2025/7/2
        ᠣᠶᠢᠷ᠎ᠠ ᠳᠤ᠂ ᠰᠢᠭᠤᠶᠢᠲᠤ ᠵᠡᠭᠡᠯᠢ ᠭᠤᠳᠤᠮᠵᠢ ᠬᠠᠷᠢᠶᠠᠲᠤ ᠲᠣᠭᠤᠷᠢᠭ ᠤᠨ ᠴᠠᠬᠢᠯᠭᠠᠨ ᠬᠠᠩᠭᠠᠬᠤ ᠭᠠᠵᠠᠷ ᠲᠠᠢ ᠢᠳᠡᠪᠬᠢᠲᠡᠶ ᠬᠤᠯᠪᠣᠭᠠᠯᠠᠨ ᠬᠥᠳᠡᠯᠦᠯᠴᠡᠵᠦ᠂ ᠰᠠᠭᠤᠭᠠᠯᠢ ᠠᠷᠠᠳ ᠢ ᠬᠠᠪᠰᠤᠷᠤᠨ ᠠᠶᠤᠯᠲᠠᠶ ᠮᠣᠳᠣ ᠶᠢ ᠠᠮᠵᠢᠯᠲᠠ ᠲᠠᠢ ᠣᠭᠲᠣᠯᠵᠤ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠬᠦᠰᠡᠯ ᠱᠠᠭᠠᠷᠳᠠᠯᠭ᠎ᠠ ᠲᠠᠢ ᠪᠣᠯ ᠪᠢᠳᠡ ᠬᠠᠷᠢᠭᠤ ᠲᠤᠰᠬᠠᠯ ᠲᠠᠢ ︾ ᠦᠢᠯᠡᠴᠢᠯᠡᠭᠡᠨ ᠤ ᠵᠣᠷᠢᠯᠲᠠ ᠶᠢ ᠦᠢᠯᠡᠳᠦᠯᠭᠡᠵᠢᠭᠦᠯᠪᠡ ᠃        ᠰᠠᠭᠤᠭᠠᠯᠢ ᠠᠷᠠᠳ ᠰᠢᠭᠤᠶᠢᠲᠤ ᠵᠡᠭᠡᠯᠢ ᠭᠤᠳᠤᠮᠵᠢ ᠳᠤ᠂ ᠥᠪᠡᠷ ᠤᠨ ᠭᠡᠷ ᠤᠨ ᠣᠶᠢᠷ᠎ᠠ ᠬᠠᠪᠢ ᠶᠢᠨ ᠨᠢᠭᠡᠨ ᠥᠨᠳᠥᠷ ᠲᠣᠮᠣ ᠮᠣᠳᠣ ᠰᠠᠯᠬᠢ ᠪᠣᠷᠣᠭᠠᠨ ᠠᠴᠠ ᠪᠣᠯᠵᠤ ᠮᠣᠷᠤᠶᠢᠵᠤ ᠂ ᠮᠣᠳᠣᠨ ᠰᠠᠯᠠᠭ᠎ᠠ ᠨᠢ ᠥᠨᠳᠥᠷ ᠬᠦᠴᠦᠳᠡᠯᠲᠦ ᠴᠠᠬᠢᠯᠭᠠᠨ ᠤᠲᠠᠰᠤ ᠶᠢ ᠳᠠᠷᠤᠵᠤ᠂ ᠴᠠᠬᠢᠯᠭᠠᠨ ᠯᠡᠪᠡᠷᠡᠬᠦ ᠠᠶᠤᠯ ᠣᠷᠤᠰᠢᠬᠤ ᠪᠠᠷ ᠪᠠᠷᠠᠬᠤ ᠦᠭᠡᠢ ᠪᠠᠰᠠ ᠮᠣᠳᠣ ᠬᠤᠭᠤᠷᠠᠨ ᠤᠨᠠᠵᠤ ᠴᠠᠬᠢᠯᠭᠠᠨ ᠤᠲᠠᠰᠤ ᠶᠢ ᠡᠪᠳᠡᠬᠦ ᠪᠠᠶᠢᠳᠠᠯ ᠭᠠᠷᠴᠤ ᠮᠡᠳᠡᠨ᠎ᠡ᠂ ᠭᠡᠷ ᠤᠨ ᠬᠥᠮᠦᠰ ᠵᠢᠴᠢ ᠡᠷᠭᠢᠨ ᠲᠣᠭᠤᠷᠢᠨ ᠤ ᠰᠠᠭᠤᠭᠠᠯᠢ ᠠᠷᠠᠳ ᠤᠨ ᠠᠮᠤᠷ ᠲᠦᠪᠰᠢᠨ ᠢ ᠬᠦᠨᠳᠦ ᠨᠣᠴᠢᠲᠠᠢ ᠰᠦᠷᠳᠡᠭᠦᠯᠵᠦ᠂ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ ᠲᠦᠷᠭᠡᠨ ᠰᠢᠢᠳᠪᠦᠷᠢᠯᠡᠬᠦ ᠶᠢ ᠬᠦᠰᠡᠵᠦ ᠪᠠᠶᠢᠬᠤ ᠪᠠᠨ ᠳᠤᠰᠬᠠᠪᠠ ᠃        ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠵᠡᠭᠡᠯᠢ ᠭᠤᠳᠤᠮᠵᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠷᠡ ᠳᠠᠷᠤᠶ ᠳᠤᠨᠢ ᠰᠠᠭᠤᠭᠠᠯᠢ ᠠᠷᠠᠳ ᠲᠠᠢ ᠬᠠᠷᠢᠯᠴᠠᠵᠤ᠂ ᠲᠤᠬᠠᠶ ᠶᠢᠨ ᠲᠠᠯᠠᠪᠤᠷ ᠲᠤ ᠬᠦᠷᠴᠦ ᠪᠠᠶᠢᠳᠠᠯ ᠢ ᠨᠠᠷᠢᠨ ᠣᠶᠢᠯᠠᠭᠠᠪᠠ᠃ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ ᠪᠠᠷ ᠳᠡᠮᠵᠢᠨ᠂ ᠮᠣᠳᠣᠨ ᠤ ᠰᠠᠯᠠᠭ᠎ᠠ ᠥᠨᠳᠥᠷ ᠬᠦᠴᠦᠳᠡᠯᠲᠦ ᠴᠠᠬᠢᠯᠭᠠᠨ ᠤᠲᠠᠰᠤ ᠶᠢ ᠳᠠᠷᠤᠭᠰᠠᠨ ᠪᠠᠶᠢᠳᠠᠯ ᠣᠷᠣᠰᠢᠵᠤ᠂ ᠠᠮᠤᠷ ᠲᠦᠪᠰᠢᠨ ᠤ ᠳᠠᠯᠳᠠ ᠬᠡᠮ  ᠲᠠᠢ ᠂ ᠠᠯᠢ ᠲᠦᠷᠭᠡᠨ ᠢᠶᠠᠷ ᠣᠭᠲᠣᠯᠬᠤ ᠴᠢᠬᠤᠯᠠᠲᠠᠶ ᠪᠠᠶᠢᠬᠤ ᠶᠢ ᠨᠤᠲᠠᠯᠠᠪᠠ ᠃ ᠬᠠᠷᠢᠶᠠᠲᠤ ᠲᠣᠭᠤᠷᠢᠭ ᠤᠨ ᠴᠠᠬᠢᠯᠭᠠᠨ ᠬᠠᠩᠭᠠᠬᠤ ᠭᠠᠵᠠᠷ ᠲᠠᠢ ᠠᠶᠤᠯ ᠦᠭᠡᠢ ᠠᠵᠢᠯᠯᠠᠬᠤ ᠲᠥᠰᠦᠯ ᠲᠣᠭᠲᠠᠭᠠᠵᠤ᠂ ᠴᠠᠬᠢᠯᠭᠠᠨ ᠬᠦᠴᠦᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠲᠤᠰᠬᠠᠶ ᠮᠣᠳᠣ ᠣᠭᠲᠣᠯᠬᠤ ᠬᠥᠮᠦᠰ ᠲᠤᠰᠬᠠᠶ ᠮᠡᠷᠭᠡᠵᠢᠯ ᠤᠨ ᠪᠠᠭᠠᠵᠢ ᠬᠡᠷᠡᠭᠯᠡᠵᠦ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠮᠣᠳᠣ ᠶᠢ ᠤᠭᠲᠤᠯᠤᠨ ᠴᠡᠪᠡᠷᠯᠡᠪᠡ᠃ ᠬᠡᠳᠦᠨ ᠴᠠᠭ ᠪᠠᠴᠢᠮ ᠠᠵᠢᠯᠯᠠᠬᠤ ᠪᠠᠷ ᠳᠡᠮᠵᠢᠨ᠂ ᠠᠶᠤᠯ ᠲᠠᠢ ᠮᠣᠳᠣ ᠶᠢ ᠤᠷᠤᠭᠰᠢᠲᠠᠶ ᠰᠢᠯᠵᠢᠭᠦᠯᠦᠨ ᠠᠷᠢᠯᠭᠠᠵᠤ᠂ ᠡᠷᠬᠢᠨ ᠲᠣᠭᠤᠷᠢᠨ ᠤ ᠴᠠᠬᠢᠯᠭᠠᠨ ᠤᠲᠠᠰᠤᠨ ᠤ ᠠᠮᠤᠷ ᠲᠦᠪᠰᠢᠨ ᠤ ᠳᠠᠯᠳᠠ ᠬᠡᠮ ᠢ ᠲᠦᠢᠯᠪᠤᠷᠢᠲᠠᠶ ᠠᠷᠢᠯᠭᠠᠪᠠ᠃
图片1.png
        ᠰᠢᠭᠤᠶᠢᠳᠤ ᠵᠡᠭᠡᠯᠢ ᠭᠤᠳᠤᠮᠵᠢ ᠶᠢᠨ ᠬᠢᠨ ᠣᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠤ︾ ᠪᠠᠶᠢᠭ᠎ᠠ ᠠᠰᠠᠭᠤᠳᠠᠯ ᠢ ᠦᠷᠭᠦᠯᠵᠢᠯᠡᠨ ᠠᠩᠬᠠᠷᠴᠤ᠂ ᠡᠯ᠎ᠡ ᠰᠠᠯᠠᠭ᠎ᠠ ᠮᠥᠴᠢᠷ ᠯᠦᠭᠡ ᠶᠢᠨ ᠬᠤᠯᠪᠣᠭᠠᠯᠠᠨ ᠬᠠᠮᠵᠢᠯᠴᠠᠬᠤ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠷᠢᠳᠴᠢᠯᠠᠨ ᠦᠢᠯᠡᠴᠢᠯᠡᠵᠦ᠂ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯ ᠤᠨ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠪᠣᠯᠤᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号