ᠣᠶᠢᠷ᠎ᠠ ᠳᠤ᠂ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠮᠠᠨ ᠤ ᠬᠤᠲᠠ ᠶᠢᠨ | ᠠᠩᠬᠠᠳᠠᠭᠴᠢ ᠪᠦᠯᠦᠭ ᠰᠢᠯᠢᠳᠡᠭ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠨᠡᠷᠡᠰ ᠢ ᠨᠡᠶᠢᠲᠡᠯᠡᠵᠦ᠂ 50 | ᠨᠡᠷᠡᠰ ᠣᠯᠠᠨ ᠠᠵᠤ ᠦᠢᠯᠡᠰ ᠤᠨ ᠬᠦᠷᠢᠶ᠎ᠡ ᠶᠢ ᠬᠠᠮᠤᠷᠤᠭᠰᠠᠨ ᠰᠢᠯᠢᠳᠡᠭ ᠲᠥᠷᠥᠯ ᠵᠦᠢᠯ ᠲᠣᠳᠣᠷᠠᠪᠠ᠃ | ᠲᠣᠰ ᠪᠦᠯᠦᠭ ᠤᠨ ᠲᠥᠷᠥᠯ ᠵᠦᠢᠯ ᠨᠢ ᠮᠠᠨ ᠤ ᠬᠤᠲᠠ ᠶᠢᠨ ︽3 + 5 + N︾ ᠭᠤᠤᠯᠳᠠᠯᠭ᠎ᠠ | ᠪᠣᠯᠬᠤ ᠠᠵᠤ ᠦᠢᠯᠡᠰ ᠤᠨ ᠪᠦᠯᠦᠭᠯᠡᠯ ᠵᠢᠴᠢ ᠰᠤᠷᠭᠠᠨ ᠬᠥᠮᠦᠵᠢᠯ ᠡᠮᠴᠢᠯᠡᠭᠡ ᠰᠣᠶᠣᠯ ᠤᠨ ︽ᠭᠤᠷᠪᠠᠨ | ᠥᠨᠳᠦᠷᠯᠢᠭ︾ ᠤᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠲᠠᠢ ᠭᠦᠨᠵᠡᠭᠡᠶ ᠨᠡᠶᠢᠴᠡᠪᠡ ᠃ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠬᠠᠮᠠᠭᠠᠯᠠᠬᠤ ᠮᠤᠤᠷ ᠤᠨ | ᠡᠯᠡᠰᠦ᠂ ᠠᠩᠬᠠᠨ ᠤ ᠭᠡᠭᠦᠦ ᠶᠢᠨ ᠰᠦ ᠶᠢᠨ ᠠᠰᠢᠭᠲᠤ ᠪᠠᠺᠲ᠋ᠧᠷᠢ ᠵᠡᠷᠭᠡ ᠰᠢᠨ᠎ᠡ ᠡᠭᠦᠳᠦᠯᠲᠡ ᠶᠢᠨ | ᠦᠢᠯᠡᠳᠬᠦᠨ ᠠᠴᠠ ᠳᠡᠭᠡᠳᠦ ᠨᠠᠷᠢᠯᠢᠭ ᠬᠤᠪᠣᠷ ᠰᠢᠷᠣᠢ ᠶᠢᠨ ᠬᠢᠯᠠᠶᠢᠯᠭᠠᠬᠤ ᠮᠠᠲ᠋ᠧᠷᠢᠶᠠᠯ ᠦᠢᠯᠡᠳᠪᠦᠷᠢᠯᠡᠬᠦ᠂ ᠰᠢ ᠺᠧᠨ | ᠰᠢᠨ᠎ᠡ ᠡᠨᠧᠷᠭᠢ ᠶᠢᠨ ᠭᠡᠷᠡᠯ ᠴᠡᠨᠡᠭ ᠤᠨ ᠴᠠᠬᠢᠯᠭᠠᠨ ᠥᠷᠲᠡᠭᠡ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠲᠥᠷᠥᠯ ᠵᠦᠢᠯ ᠬᠦᠷᠲᠡᠯ᠎ᠡ᠂ ᠳᠠᠬᠢᠨ ᠮᠣᠩᠭᠤᠯ ᠦᠨᠳᠦᠰᠦᠲᠡᠨ ᠤ ᠣᠨᠴᠠᠯᠢᠭᠲᠤ ᠢᠳᠡᠭᠡᠨ ᠤᠮᠳᠠᠭᠠᠨ ᠠᠷᠠᠳ ᠤᠨ | ᠪᠠᠭᠤᠳᠠᠯ ᠵᠡᠷᠭᠡ ᠭᠠᠵᠠᠷ ᠣᠷᠣᠨ ᠤ ᠣᠨᠴᠠᠯᠢᠭᠲᠤ ᠡᠵᠡᠩᠨᠡᠯᠲᠡ ᠶᠢᠨ ᠬᠡᠯᠪᠡᠷᠢ ᠪᠠᠶᠢᠳᠠᠯ ᠬᠦᠷᠲᠡᠯ᠎ᠡ᠂ ᠲᠥᠷᠥᠯ | ᠵᠦᠢᠯ ᠤᠨ ᠵᠢᠭᠰᠠᠭᠠᠯ ᠨᠢ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠲᠤ ᠦᠨᠳᠦᠰᠦᠯᠡᠭᠰᠡᠨ ᠢᠶᠠᠷ ᠪᠠᠷᠠᠬᠤ ᠦᠭᠡᠢ | ᠪᠠᠰᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠮᠠᠨ ᠤ ᠬᠤᠲᠠ ᠶᠢᠨ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢ ᠠᠬᠤᠢ ᠳᠤ ᠬᠦᠴᠦᠷᠬᠡᠭ | ᠶᠡᠭᠡ ᠬᠥᠳᠡᠯᠭᠡᠭᠦ ᠬᠦᠴᠦᠨ ᠨᠡᠮᠡᠷᠢᠯᠡᠪᠡ᠃ | ᠡᠨᠡ ᠪᠦᠯᠦᠭ ᠰᠢᠯᠢᠳᠡᠭ ᠠᠳᠠᠯ ᠦᠢᠯᠡᠰ ᠴᠣᠭᠴᠠᠯᠠᠬᠤ ᠲᠥᠷᠥᠯ ᠵᠦᠢᠯ ᠨᠢ ᠰᠢᠨ᠎ᠡ ᠠᠵᠢᠯ ᠤᠨ ᠪᠠᠶᠢᠷᠢ ᠶᠢ | ᠡᠭᠦᠳᠬᠦ ᠪᠠᠷ ᠳᠠᠮᠵᠢᠭᠤᠯᠤᠨ ᠠᠵᠢᠯ ᠣᠯᠭᠤᠯᠲᠠ ᠶᠢᠨ ᠳᠠᠷᠤᠯᠲᠠ ᠶᠢ ᠰᠢᠭᠤᠳ ᠬᠦᠩᠭᠡᠷᠡᠭᠦᠯᠦᠭᠰᠡᠨ ᠢᠶᠠᠷ ᠪᠠᠷᠠᠬᠤ | ᠥᠬᠡᠶ᠂ ᠨᠠᠩ ᠴᠤ ᠬᠠᠭᠤᠯᠪᠤᠷᠢᠯᠠᠵᠤ ᠪᠣᠯᠬᠤᠶᠢᠴᠠ ᠠᠮᠵᠢᠯᠲᠠ ᠲᠠᠢ ᠵᠠᠭᠪᠤᠷ ᠢᠶᠠᠷ ᠠᠳᠠᠯ ᠦᠢᠯᠡᠰ | ᠴᠣᠭᠴᠠᠯᠠᠭᠴᠢ ᠶᠢᠨ ᠬᠠᠯᠠᠭᠤᠨ ᠰᠡᠳᠬᠢᠯᠭᠡ ᠶᠢ ᠬᠥᠭᠵᠢᠭᠡᠵᠦ᠂ ︽ᠠᠳᠠᠯ ᠦᠢᠯᠡᠰ ᠴᠣᠭᠴᠠᠯᠠᠬᠤ ᠪᠠᠷ ᠠᠵᠢᠯ | ᠣᠯᠭᠤᠯᠲᠠ ᠶᠢ ᠠᠬᠢᠭᠤᠯᠬᠤ︾ ᠰᠠᠶᠢᠨ ᠣᠷᠴᠢᠯ ᠢ ᠪᠣᠶ ᠪᠣᠯᠭᠠᠪᠠ᠃ ᠡᠭᠦᠨ ᠠᠴᠠ ᠭᠠᠳᠠᠨ᠎ᠠ᠂ ᠲᠥᠷᠥᠯ ᠵᠦᠢᠯ ᠨᠢ | ᠨᠡᠶᠢᠳᠡᠮ ᠳᠡᠭᠡᠨ ᠨᠡᠯᠢᠶᠡᠳ ᠴᠢᠩᠭ᠎ᠠ ᠠᠵᠢᠯ ᠣᠯᠭᠤᠯᠲᠠ ᠶᠢᠨ ᠲᠠᠲᠠᠬᠤ ᠴᠢᠳᠠᠪᠤᠷᠢ ᠶᠢ ᠪᠦᠷᠢᠯᠳᠦᠭᠦᠯᠵᠦ᠂ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠭᠤᠤᠯᠳᠠᠯᠭ᠎ᠠ ᠪᠣᠯᠬᠤ | ᠬᠥᠮᠦᠰ ᠲᠤ ᠣᠯᠠᠨ ᠡᠰᠢᠵᠢᠭᠰᠡᠨ ᠠᠵᠢᠯ ᠣᠯᠵᠤ ᠠᠳᠠᠯ ᠦᠢᠯᠡᠰ ᠴᠣᠭᠴᠠᠯᠠᠬᠤ ᠰᠣᠩᠭᠤᠯᠲᠠ ᠬᠠᠩᠭᠠᠪᠠ᠃ | ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ | ᠦᠷᠭᠦᠯᠵᠢᠯᠡᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠨᠠᠷᠢᠯᠢᠭᠵᠢᠭᠤᠯᠬᠤ᠂ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ᠂ ︽ᠠᠳᠠᠯ ᠦᠢᠯᠡᠰ ᠴᠣᠭᠴᠠᠯᠠᠬᠤ ᠪᠣᠯᠪᠠᠰᠤᠷᠠᠯ ᠂ ᠠᠳᠠᠯ ᠦᠢᠯᠡᠰ | ᠴᠣᠭᠴᠠᠯᠠᠬᠤ ᠦᠢᠯᠡᠴᠢᠯᠡᠭᠡ᠂ ᠠᠳᠠᠯ ᠦᠢᠯᠡᠰ ᠴᠣᠭᠴᠠᠯᠠᠬᠤ ᠨᠡᠪᠴᠢᠭᠦᠯᠦᠭᠡ ᠂ ᠠᠳᠠᠯ ᠦᠢᠯᠡᠰ ᠴᠣᠭᠴᠠᠯᠠᠬᠤ | ᠠᠵᠢᠯᠯᠠᠭ᠎ᠠ︾ ᠶᠢᠨ ᠬᠤᠯᠪᠣᠭᠠᠯᠠᠨ ᠬᠥᠳᠡᠯᠦᠯᠴᠡᠵᠦ ᠳᠡᠮᠵᠢᠬᠦ ᠲᠣᠭᠲᠠᠯᠴᠠᠭ᠎ᠠ ᠶᠢ ᠪᠠᠶᠢᠭᠤᠯᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠦᠨ | ᠳᠡᠰ ᠳᠡᠪᠰᠢᠭᠦᠯᠬᠦ ᠳᠤ ᠪᠥᠬᠦ ᠬᠡᠯᠬᠢᠶ᠎ᠡ ᠪᠠᠷ ᠬᠦᠴᠦᠨ ᠨᠡᠮᠡᠷᠢᠯᠡᠵᠦ᠂ ᠨᠠᠩ ᠣᠯᠠᠨ ︽ᠠᠯᠲᠠᠨ ᠴᠡᠭ︾ ᠠᠵᠢᠯ | ᠣᠯᠭᠤᠯᠲᠠ ᠶᠢ ᠳᠠᠶᠢᠴᠢᠯᠠᠬᠤ ︽ᠠᠯᠲᠠᠨ ᠲᠦᠯᠬᠢᠭᠦᠷ︾ ᠪᠣᠯᠵᠤ ᠬᠤᠪᠢᠷᠠᠬᠤ ᠶᠢ ᠠᠬᠢᠭᠤᠯᠵᠤ᠂ | ᠬᠥᠳᠡᠯᠮᠦᠷᠢᠯᠡᠭᠴᠢᠳ ᠤᠨ ᠰᠢᠨ᠎ᠡ ᠶᠢ ᠡᠭᠦᠳᠬᠦ ᠪᠠ ᠠᠳᠠᠯ ᠦᠢᠯᠡᠰ ᠴᠣᠭᠴᠠᠯᠠᠬᠤ ᠶᠢᠨ ᠬᠠᠷᠢᠯᠴᠠᠨ ᠦᠢᠯᠡᠳᠦᠯᠴᠡᠬᠦ | ᠳᠤᠮᠳᠠ ᠨᠠᠩ ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠦᠨ᠎ᠡ ᠭᠡᠵᠦ ᠢᠯᠡᠷᠬᠡᠶᠢᠯᠡᠪᠡ ᠃ | |