ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ ᠰᠢᠭᠤᠶᠢᠲᠤ ᠲᠣᠭᠤᠷᠢᠭ ᠤᠨ ᠴᠢᠳᠠᠪᠤᠷᠢᠲᠠᠨ ᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠴᠢᠭᠯᠡᠯ ᠲᠣᠭᠲᠠᠭᠠᠨ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2025/7/3
        6 ᠳ᠋ᠤᠭᠠᠷ ᠰᠠᠷ᠎ᠠ ᠶᠢᠨ 13 ᠤ ᠡᠳᠤᠷ᠂ ᠬᠤᠳᠠ ᠶᠢᠨ ᠬᠦᠮᠤᠨ ᠤ ᠬᠦᠴᠤᠨ ᠤ ᠡᠬᠢ ᠪᠠᠶᠠᠯᠢᠭ ᠤᠨ ᠤᠢᠢᠯᠡᠴᠢᠯᠡᠬᠡᠨ ᠤ ᠲᠦᠪ ᠰᠢᠭᠤᠶᠢᠲᠤ ᠲᠣᠭᠤᠷᠢᠭ ᠲᠤ ᠬᠦᠷᠴᠤ ᠴᠢᠳᠠᠪᠤᠷᠢᠳᠠᠨ ᠤ ᠠᠵᠢᠯ ᠤᠨ ᠲᠤᠬᠠᠢ ᠲᠤᠰᠬᠠᠢ ᠰᠡᠳᠤᠪᠳᠤ ᠪᠠᠶᠢᠴᠠᠭᠠᠨ ᠰᠤᠳᠤᠯᠤᠯᠳᠠ ᠬᠢᠬᠦ ᠶᠢᠨ ᠬᠠᠮᠳᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 2025 ᠣᠨ ᠠᠴᠠ ᠨᠠᠭᠠᠰᠢᠬᠢ ᠰᠢᠭᠤᠶᠢᠲᠤ ᠲᠣᠭᠤᠷᠢᠭ ᠤᠨ ᠴᠢᠳᠠᠪᠤᠷᠢᠲᠠᠨ ᠤ ᠠᠵᠢᠯ ᠤᠨ ᠪᠠᠶᠢᠳᠠᠯ ᠤᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠵᠦ᠂ ᠢᠯᠡ ᠪᠠᠷ ᠡᠯᠰᠡᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ ᠵᠡᠷᠭᠡ ᠣᠯᠠᠨ ᠡᠰᠢᠵᠢᠭᠰᠡᠨ ᠠᠷᠭ᠎ᠠ ᠬᠡᠮᠵᠢᠶ᠎ᠡ ᠶᠢ ᠨᠠᠷᠢᠨ ᠲᠠᠨᠢᠯᠴᠠᠭᠤᠯᠵᠤ᠂ ᠨᠢᠭᠡ ᠪᠦᠯᠦᠭ ᠪᠠᠴᠢᠮ ᠬᠡᠷᠡᠭᠰᠡᠬᠦ ᠴᠢᠳᠠᠪᠤᠷᠢᠲᠠᠨ ᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ᠂ ᠣᠷᠣᠨ ᠪᠦᠰᠡ ᠶᠢᠨ ᠠᠵᠤ ᠠᠬᠤᠶ ᠶᠢᠨ ᠬᠥᠭᠵᠢᠯᠲᠡ ᠳᠤ ᠬᠦᠴᠦᠷᠬᠡᠭ ᠶᠡᠭᠡ ᠴᠢᠳᠠᠪᠤᠷᠢᠲᠠᠨ ᠬᠥᠮᠦᠨ ᠤ ᠬᠦᠴᠦᠨ ᠤ ᠰᠠᠭᠤᠷᠢ ᠨᠡᠮᠡᠷᠢᠯᠡᠪᠡ᠃
图片1.png
        ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠰᠢᠭᠤᠶᠢᠲᠤ ᠲᠣᠭᠤᠷᠢᠭ ᠤᠨ ᠴᠢᠳᠠᠪᠤᠷᠢᠲᠠᠨ ᠤ ᠠᠵᠢᠯ ᠤᠨ ᠦᠷ᠎ᠡ ᠪᠦᠲᠦᠭᠡᠯ ᠢ ᠭᠦᠢᠴᠡᠳ ᠨᠤᠲᠠᠯᠠᠬᠤ ᠶᠢᠨ ᠬᠠᠮᠲᠤ ᠂ ᠴᠢᠳᠠᠪᠤᠷᠢᠲᠠᠨ ᠤ ᠠᠵᠢᠯ ᠤᠨ ᠪᠠᠶᠢᠷᠢ ᠶᠢᠨ ᠬᠡᠷᠡᠭᠴᠡᠭᠡ ᠶᠢ ᠣᠯᠠᠨ ᠠᠷᠭ᠎ᠠ ᠵᠠᠮ ᠢᠶᠠᠷ ᠤᠬᠠᠭᠤᠯᠵᠤ᠂ ᠠᠵᠤ ᠠᠬᠤᠶᠢᠯᠠᠯ ᠤᠨ ᠰᠣᠶᠣᠯ ᠤᠨ ᠣᠨᠴᠠᠯᠢᠭ ᠪᠠ ᠬᠥᠭᠵᠢᠯᠲᠡ ᠶᠢᠨ ᠢᠷᠡᠭᠡᠳᠦᠶ ᠶᠢ ᠪᠥᠬᠦ ᠲᠠᠯ᠎ᠠ ᠪᠠᠷ ᠳᠡᠯᠭᠡᠨ ᠦᠵᠡᠭᠦᠯᠬᠦ ᠬᠡᠷᠡᠭᠲᠡᠶ︔ ᠠᠵᠤ ᠠᠬᠤᠶᠢᠯᠠᠯ᠂ ᠠᠳᠠᠯᠢ ᠱᠠᠲᠤ᠂ ᠳᠡᠭᠡᠳᠦ ᠱᠠᠲᠤᠨ ᠤ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠤᠯᠠᠨ ᠰᠠᠯᠠᠭ᠎ᠠ ᠮᠥᠴᠢᠷ ᠤᠨ ᠬᠠᠮᠵᠢᠯᠴᠠᠭ᠎ᠠ᠂ ᠳᠡᠭᠡᠳᠦ ᠲᠤᠤᠷᠠᠳᠤ ᠱᠠᠲᠤᠨ ᠤ ᠬᠤᠯᠪᠣᠭᠠᠯᠠᠨ ᠬᠥᠳᠡᠯᠦᠯᠴᠡᠬᠦ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ︔ ᠠᠵᠤ ᠠᠬᠤᠶᠢᠯᠠᠯ ᠳᠤ ᠦᠢᠯᠡᠴᠢᠯᠡᠬᠦ ᠳᠡᠭᠡᠨ ᠦᠢᠯᠡᠴᠢᠯᠡᠭᠡ ᠶᠢ ᠪᠦᠬᠦᠨ ᠢ ᠪᠦᠷᠬᠦᠭᠦᠯᠵᠦ᠂ ᠪᠦᠬᠦ ᠶᠠᠪᠤᠴᠠ ᠶᠢ ᠮᠥᠷᠳᠡᠵᠦ᠂ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠦᠢᠯᠡᠴᠢᠯᠡᠵᠦ᠂ ᠠᠵᠤ ᠠᠬᠤᠶᠢᠯᠠᠯ ᠪᠠ ᠴᠢᠳᠠᠪᠤᠷᠢᠲᠠᠨ ᠳᠤ ᠲᠤᠯᠭᠠᠷᠠᠭᠰᠠᠨ ᠬᠦᠴᠢᠷ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠲᠣᠭᠲᠠᠭᠤᠨ ᠡᠵᠡᠩᠨᠡᠯᠲᠡ ᠶᠢ ᠪᠠᠲᠤᠯᠠᠵᠤ᠂ ᠴᠢᠳᠠᠪᠤᠷᠢᠲᠠᠨ ᠤ ᠰᠠᠨᠠᠭ᠎ᠠ ᠠᠮᠤᠷ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ  ᠣᠨᠴᠠᠭᠠᠢ ᠴᠢᠬᠤᠯᠠᠴᠢᠯᠠᠪᠠ᠃
图片2.png
        ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠰᠣᠯᠢᠯᠴᠠᠭ᠎ᠠ ᠨᠢ ᠰᠢᠭᠤᠶᠢᠲᠤ ᠲᠣᠭᠤᠷᠢᠭ ᠤᠨ ᠴᠢᠳᠠᠪᠤᠷᠢᠲᠠᠨ ᠤ ᠠᠵᠢᠯ ᠳᠤ ᠰᠢᠨ᠎ᠡ ᠴᠢᠭᠯᠡᠯ ᠢ ᠲᠣᠳᠣᠷᠬᠠᠶ ᠵᠢᠭᠠᠵᠤ ᠥᠭᠴᠡᠶ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠭᠤᠤᠯᠤᠳᠤᠷᠢᠳᠤᠯᠭ᠎ᠠ᠄ ︽ᠪᠢᠳᠡ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠠᠵᠠ ᠲᠣᠬᠢᠶᠠᠯ ᠪᠣᠯᠭᠠᠵᠤ᠂ ᠬᠤᠲᠠ᠂ ᠲᠣᠭᠤᠷᠢᠭ ᠬᠤᠶᠠᠷ ᠱᠠᠲᠤᠨ ᠤ ᠴᠢᠳᠠᠪᠤᠷᠢᠲᠠᠨ ᠤ ᠠᠵᠢᠯ ᠤᠨ ᠵᠢᠭᠠᠪᠤᠷᠢ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠢᠯ ᠢᠶᠠᠨ ᠪᠥᠬᠦ ᠬᠦᠴᠦᠨ ᠢᠶᠠᠷ ᠢᠶᠠᠨ ᠪᠣᠳᠠᠲᠠᠶ ᠳᠤ ᠨᠠᠶᠢᠳᠠᠪᠤᠷᠢᠵᠢᠭᠤᠯᠵᠤ᠂ ᠦᠢᠯᠡᠴᠢᠯᠡᠭᠡ ᠪᠠᠨ ᠰᠠᠶᠢᠲᠤᠷ ᠬᠢᠨ᠎ᠡ ︔ ᠴᠢᠳᠠᠪᠤᠷᠢᠲᠠᠨ ᠤ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠴᠦ᠂ ᠨᠠᠩ ᠣᠯᠠᠨ ᠰᠢᠯᠢᠳᠡᠭ ᠴᠢᠳᠠᠪᠤᠷᠢᠲᠠᠨ ᠢ ᠲᠡᠳᠡᠨ ᠠᠪᠴᠢᠷᠠᠵᠤ᠂ ᠭᠠᠵᠠᠷ ᠣᠷᠣᠨ ᠤ ᠬᠥᠭᠵᠢᠯᠲᠡ ᠶᠢ ᠨᠠᠩ ᠠᠮᠢᠵᠢᠷᠠᠯ ᠤᠨ ᠬᠦᠴᠦᠨ ᠲᠠᠢ ᠪᠣᠯᠭᠠᠨ᠎ᠠ ︾ ᠭᠡᠵᠦ ᠢᠯᠡᠳᠬᠡᠪᠡ᠃ 
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号