ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ ᠬᠦᠴᠦ ᠪᠠᠨ ᠬᠠᠮᠲᠤᠳᠬᠠᠨ  ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨ᠎ᠡ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ  — ᠰᠢᠭᠤᠶᠢᠲᠤ ᠲᠣᠭᠤᠷᠢᠭ ᠤᠨ ᠣᠯᠠᠨ ᠰᠠᠯᠠᠭ᠎ᠠ ᠮᠥᠴᠢᠷ ᠥᠪᠥᠷ ᠮᠣᠩᠭᠤᠯ ᠤᠨ ᠲᠡᠮᠦᠷ ᠵᠠᠮ ᠤᠨ ᠠᠵᠢᠯ ᠮᠡᠷᠭᠡᠵᠢᠯ ᠤᠨ ᠰᠤᠷᠭᠠᠭᠤᠯᠢ ᠳᠤ ᠬᠦᠷᠴᠦ ᠲᠣᠭᠤᠷᠢᠨ ᠦᠵᠡᠵᠦ ᠰᠣᠯᠢᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/7/3
        ᠲᠤᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠢᠯᠣᠭᠤᠳᠣᠯᠭ᠎ᠠ ᠪᠠ ᠳᠡᠮᠵᠢᠯᠭᠡ ᠶᠢ ᠴᠢᠩᠭᠠᠳᠬᠠᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠠᠷ ᠲᠦᠷᠦᠭᠦᠯᠡᠭᠦᠯᠦᠨ ᠵᠣᠬᠢᠶᠠᠨ ᠪᠠᠶᠢᠭᠤᠯᠤᠭᠰᠠᠨ᠂ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠲᠤᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠲᠤᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠲᠤᠭᠤᠷᠢᠭ ᠤᠨ ᠡᠮᠡᠭᠲᠡᠶᠢᠴᠦᠳ ᠤᠨ ᠬᠤᠯᠪᠤᠭ᠎ᠠ ᠂ ᠲᠤᠭᠤᠷᠢᠭ ᠤᠨ ᠡᠪᠯᠡᠯ ᠤᠨ ᠬᠤᠷᠢᠶ᠎ᠠ᠂ ᠲᠤᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ᠂ ᠲᠤᠭᠤᠷᠢᠭ ᠤᠨ ᠵᠡᠮᠳᠡᠭᠴᠦᠳ ᠤᠨ ᠬᠤᠯᠪᠤᠭ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠲᠥᠯᠥᠭᠡᠯᠡᠭᠴᠢ ᠪᠠᠷ ᠪᠦᠷᠢᠯᠳᠦᠭᠰᠡᠨ ᠰᠢᠨᠵᠢᠯᠡᠨ ᠪᠠᠶᠢᠴᠠᠭᠠᠬᠤ ᠪᠦᠯᠬᠦᠮ ᠥᠪᠥᠷ ᠮᠣᠩᠭᠤᠯ ᠤᠨ ᠲᠡᠮᠦᠷ ᠵᠠᠮ ᠤᠨ ᠠᠵᠢᠯ ᠮᠡᠷᠭᠡᠵᠢᠯ ᠤᠨ ᠰᠤᠷᠭᠠᠭᠤᠯᠢ ᠳᠤ ᠬᠦᠷᠴᠦ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ ᠰᠣᠯᠢᠯᠴᠠᠬᠤ ᠠᠵᠢᠯᠯᠠᠭ᠎ᠠ ᠥᠷᠨᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠬᠢᠭᠡᠳ ᠡᠬᠢ ᠪᠠᠶᠠᠯᠢᠭ ᠢ ᠵᠣᠯᠭᠠᠭᠤᠯᠬᠤ ᠬᠠᠮᠲᠤᠷᠠᠯᠴᠠᠭᠠᠨ ᠤ ᠶᠠᠪᠤᠳᠠᠯ ᠢ ᠬᠠᠮᠲᠤᠪᠠᠷ ᠵᠥᠪᠯᠡᠪᠡ᠃
图片1.png
        ᠲᠤᠬᠠᠶ ᠶᠢᠨ ᠡᠳᠦᠷ ᠤᠨ 9 ᠴᠠᠭ ᠲᠤ᠂ ᠰᠢᠨᠵᠢᠯᠡᠨ ᠪᠠᠶᠢᠴᠠᠭᠠᠬᠤ ᠪᠦᠯᠬᠦᠮ ᠲᠣᠭᠲᠠᠭᠰᠠᠨ ᠴᠠᠭ ᠲᠠᠭᠠᠨ ᠰᠤᠷᠭᠠᠭᠤᠯᠢ ᠶᠢᠨ ᠪᠠᠷᠠᠭᠤᠨ ᠡᠭᠦᠳᠡᠨ ᠳᠤ ᠴᠤᠭᠯᠠᠷᠠᠨ ᠭᠠᠷ ᠤᠨ ᠥᠰᠥᠭ ᠵᠢᠷᠤᠵᠤ᠂ ᠠᠵᠢᠯᠲᠠᠨ ᠤ ᠵᠢᠯᠣᠭᠤᠳᠣᠯᠭ᠎ᠠ ᠳᠣᠤᠷ᠎ᠠ ᠡᠮᠬᠢ ᠵᠢᠷᠤᠮ ᠲᠠᠢ ᠪᠠᠷ ᠰᠤᠷᠭᠠᠭᠤᠯᠢ ᠶᠢᠨ ᠬᠦᠷᠢᠶᠡᠨ ᠳᠤ ᠣᠷᠣᠪᠠ ᠃ ᠠᠵᠢᠯᠯᠠᠭ᠎ᠠ ᠡᠬᠢᠯᠡᠮᠡᠭᠴᠡ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠵᠢᠭᠠᠨ ᠰᠤᠷᠭᠠᠯᠲᠠ ᠶᠢᠨ ᠠᠰᠠᠷ᠂ ᠪᠣᠳᠠᠲᠠᠶ ᠪᠣᠯᠪᠠᠰᠤᠷᠠᠯ ᠤᠨ ᠠᠰᠠᠷ᠂ ᠨᠣᠮ ᠤᠨ ᠰᠠᠩ᠂ ᠰᠣᠷᠣᠭᠴᠢ ᠶᠢᠨ ᠪᠠᠶᠢᠷᠢ ᠵᠢᠴᠢ ᠬᠤᠭᠤᠯᠠᠨ ᠬᠡᠷ ᠵᠡᠷᠭᠡ ᠭᠠᠵᠠᠷ ᠲᠤ ᠭᠦᠨᠵᠡᠭᠡᠶᠢᠷᠡᠵᠦ᠂ ᠰᠤᠷᠭᠠᠭᠤᠯᠢ ᠶᠢᠨ ᠬᠠᠲᠠᠭᠤ ᠲᠣᠨᠤᠭ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃ ᠲᠡᠮᠦᠷ ᠵᠠᠮ ᠤᠨ ᠣᠨᠴᠠᠯᠢᠠᠠᠳᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠲᠤ᠂ ᠴᠠᠬᠢᠯᠭᠠᠨᠴᠢᠯᠠᠭᠰᠠᠨ ᠬᠠᠮ ᠱᠤᠭᠤᠮ ᠤᠨ ᠵᠢᠭᠠᠨ ᠰᠤᠷᠭᠠᠯᠲᠠ ᠶᠢᠨ ᠡᠯᠡᠰᠦᠨ ᠲᠠᠪᠠᠭ᠂ HXD ᠪᠤᠬ᠎ᠠ ᠲᠡᠷᠭᠡᠨ ᠤ ᠵᠢᠯᠣᠭᠤᠴᠢ ᠶᠢᠨ ᠳᠠᠭᠤᠷᠢᠶᠠᠮᠠᠯ ᠵᠢᠯᠣᠭᠤᠳᠬᠤ ᠦᠷᠦᠭᠡ᠂ VR ᠲᠡᠮᠦᠷ ᠵᠠᠮ ᠤᠨ ᠵᠠᠮ ᠬᠠᠷᠢᠯᠴᠠᠭᠠᠨ ᠤ ᠱᠤᠭᠤᠮ ᠤᠨ ᠪᠣᠳᠠᠲᠠᠢ ᠪᠣᠯᠪᠠᠰᠤᠷᠠᠯ ᠤᠨ ᠰᠢᠰᠲ᠋ᠧᠮ ᠵᠡᠷᠭᠡ ᠡᠮᠦᠨ᠎ᠡ ᠵᠠᠬ᠎ᠠ ᠶᠢᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠨᠢ ᠬᠥᠮᠦᠰ ᠤᠨ ᠠᠩᠬᠠᠷᠤᠯ ᠢ ᠲᠠᠲᠠᠪᠠ ᠃ ᠲᠤᠰᠬᠠᠶ ᠮᠡᠷᠭᠡᠵᠢᠯ ᠤᠨ ᠪᠠᠭᠰᠢ ᠲᠤᠬᠠᠶ ᠶᠢᠨ ᠲᠠᠯᠠᠪᠤᠷ ᠲᠤ ᠦᠵᠡᠭᠦᠯᠦᠯᠭᠡ ᠪᠠ ᠨᠠᠷᠢᠨ ᠲᠠᠶᠢᠯᠪᠤᠷᠢᠯᠠᠯᠲᠠ ᠪᠠᠷ ᠳᠠᠮᠵᠢᠭᠤᠯᠤᠨ᠂ ᠳᠠᠳᠤᠯᠭ᠎ᠠ ᠪᠣᠯᠪᠠᠰᠤᠷᠠᠯ ᠤᠨ ᠲᠥᠬᠦᠭᠡᠷᠦᠮᠵᠢ ᠶᠢᠨ ᠴᠢᠳᠠᠮᠵᠢ ᠶᠢᠨ ᠦᠨᠳᠦᠰᠦᠯᠡᠯ ᠪᠠ ᠠᠵᠢᠯᠯᠠᠭᠠᠨ ᠤ ᠶᠠᠪᠤᠴᠠ ᠶᠢ ᠠᠮᠢᠳᠤᠯᠢᠭ ᠢᠶᠠᠷ ᠳᠡᠯᠭᠡᠨ ᠦᠵᠡᠭᠦᠯᠪᠡ ᠂ ᠰᠤᠷᠤᠭᠴᠢᠳ ᠤᠨ ᠪᠣᠯᠪᠠᠰᠤᠷᠠᠩᠭᠤᠶ ᠳᠠᠳᠤᠯᠭ᠎ᠠ ᠪᠣᠯᠪᠠᠰᠤᠷᠠᠯ ᠤᠨ ᠠᠵᠢᠯᠯᠠᠭ᠎ᠠ ᠨᠢ ᠨᠠᠩ ᠴᠤ ᠰᠤᠷᠭᠠᠭᠤᠯᠢ ᠶᠢᠨ ᠯᠠᠪᠳᠠᠭᠤᠨ ᠪᠠᠲᠤᠲᠠᠶ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠢᠯᠡᠷᠡᠭᠦᠯᠵᠦ ᠂ ᠰᠢᠨᠵᠢᠯᠡᠨ ᠪᠠᠶᠢᠴᠠᠭᠠᠬᠤ ᠪᠦᠯᠬᠦᠮ ᠤᠨ ᠭᠡᠰᠢᠭᠦᠳ ᠪᠠᠶᠢᠨ ᠪᠠᠶᠢᠨ ᠵᠣᠭᠰᠣᠵᠤ ᠰᠠᠨᠠᠯ ᠢᠶᠠᠨ ᠰᠣᠯᠢᠯᠴᠠᠪᠠ ᠃
图片2.png
        10 ᠴᠠᠭ 30 ᠮᠢᠨᠦ᠋ᠲ ᠲᠤ᠂ ᠰᠠᠭᠤᠳᠠᠯ ᠤᠨ ᠬᠤᠷᠠᠯ ᠰᠤᠷᠭᠠᠭᠤᠯᠢ ᠶᠢᠨ ᠬᠤᠷᠠᠯ ᠤᠨ ᠭᠡᠷ ᠲᠤ ᠵᠢᠩᠬᠢᠨᠢ ᠪᠠᠷ ᠬᠤᠷᠠᠯᠳᠤᠪᠠ᠃ ᠰᠤᠷᠭᠠᠭᠤᠯᠢ ᠶᠢᠨ ᠲᠠᠯ᠎ᠠ ᠶᠢᠨ ᠤᠳᠤᠷᠢᠳᠤᠯᠭ᠎ᠠ ᠨᠠᠷ ᠡᠩ ᠲᠡᠷᠢᠭᠦᠨ ᠳᠤ ᠤᠭᠲᠤᠬᠤ ᠦᠭᠡ ᠬᠡᠯᠡᠵᠦ᠂ ᠰᠤᠷᠭᠠᠭᠤᠯᠢ ᠶᠢᠨ ᠬᠥᠭᠵᠢᠯᠲᠡ ᠶᠢᠨ ᠶᠠᠪᠤᠴᠠ᠂ ᠰᠤᠷᠭᠠᠭᠤᠯᠢ ᠡᠷᠭᠢᠯᠡᠬᠦ ᠣᠨᠴᠠᠯᠢᠭ᠂ ᠪᠠᠭᠰᠢ ᠶᠢᠨ ᠬᠦᠴᠦᠨ ᠵᠢᠴᠢ ᠣᠶᠢᠷ᠎ᠠ ᠶᠢᠨ ᠵᠢᠯ ᠳᠤ ᠣᠯᠤᠭᠰᠠᠨ ᠰᠤᠷᠭᠠᠭᠤᠯᠢ ᠡᠷᠭᠢᠯᠡᠭᠰᠡᠨ ᠦᠷ᠎ᠡ ᠪᠦᠲᠦᠭᠡᠯ ᠵᠡᠷᠭᠡ ᠲᠠᠯ᠎ᠠ ᠪᠠᠷ ᠨᠠᠷᠢᠨ ᠲᠠᠨᠢᠯᠴᠠᠭᠤᠯᠪᠠ᠃ ᠳᠠᠷᠠᠭ᠎ᠠ ᠨᠢ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠤᠳᠤᠷᠢᠳᠤᠯᠭ᠎ᠠ ᠲᠣᠰ ᠤᠳᠠᠭᠠᠨ ᠤ ᠲᠣᠭᠤᠷᠢᠨ ᠦᠵᠡᠵᠦ ᠰᠣᠯᠢᠯᠴᠠᠬᠤ ᠠᠬᠤᠶ ᠪᠠᠶᠢᠳᠠᠯ ᠬᠢᠭᠡᠳ ᠵᠣᠷᠢᠯᠭ᠎ᠠ ᠪᠠ ᠬᠤᠷᠠᠯ ᠳᠤ ᠣᠷᠣᠯᠴᠠᠭᠰᠠᠨ ᠡᠯ᠎ᠡ ᠤᠳᠤᠷᠢᠳᠤᠯᠭ᠎ᠠ ᠳᠤ ᠲᠣᠳᠣᠷᠬᠠᠶᠢᠯᠠᠯᠲᠠ ᠬᠢᠵᠦ᠂ ᠡᠯ᠎ᠡ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠪᠠᠯᠠ ᠮᠥᠩᠭᠦ ᠶᠢᠨ ᠳᠡᠮᠵᠢᠯᠭᠡ ᠦᠵᠡᠭᠦᠯᠬᠦ ᠵᠡᠷᠭᠡ ᠲᠠᠯ᠎ᠠ ᠪᠠᠷ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠪᠠ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃
图片3.png
        ᠲᠤᠰᠬᠠᠶ ᠮᠡᠷᠭᠡᠵᠢᠯ ᠪᠣᠯᠤᠨ ᠠᠵᠢᠯ ᠣᠯᠭᠤᠯᠲᠠ ᠶᠢ ᠲᠠᠨᠢᠯᠴᠠᠭᠤᠯᠬᠤ ᠭᠤᠭᠴᠤᠭ᠎ᠠ ᠳᠤ᠂ ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠣᠯᠭᠤᠯᠲᠠ ᠶᠢᠨ ᠭᠠᠵᠠᠷ ᠤᠨ ᠬᠠᠷᠢᠭᠤᠴᠠᠯᠭᠠᠲᠠᠨ ᠸᠢᠳᠢᠤ᠋ ᠪᠠᠷ ᠨᠡᠪᠲᠡᠷᠡᠭᠦᠯᠬᠦ᠂ ᠬᠡᠷᠡᠭ ᠤᠨ ᠵᠢᠱᠢᠶ᠎ᠡ ᠶᠢ ᠵᠠᠳᠠᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠲᠣᠬᠢᠷᠠᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠥᠷᠥᠯ ᠵᠦᠢᠯ ᠵᠢᠴᠢ ᠲᠡᠭᠦᠰᠦᠭᠰᠡᠳ ᠤᠨ ᠠᠵᠢᠯ ᠣᠯᠤᠭᠰᠠᠨ ᠪᠠᠶᠢᠳᠠᠯ ᠢ ᠰᠢᠰᠲ᠋ᠧᠮ ᠲᠠᠢ ᠲᠠᠨᠢᠯᠴᠠᠭᠤᠯᠪᠠ᠃ ︽ᠰᠤᠷᠭᠠᠭᠤᠯᠢ  ᠨᠢ ᠣᠯᠠᠨ ᠲᠡᠮᠦᠷ ᠵᠠᠮ ᠤᠨ ᠠᠵᠤ ᠠᠬᠤᠶᠢᠯᠠᠯ  ᠯᠤᠭ᠎ᠠ ᠭᠦᠨᠵᠡᠭᠡᠶ ᠬᠠᠮᠲᠤᠷᠠᠯᠴᠠᠭ᠎ᠠ ᠪᠠᠶᠢᠭᠤᠯᠵᠤ ᠪᠤᠢ ᠂ ᠲᠡᠭᠦᠰᠦᠭᠰᠡᠳ ᠤᠨ ᠠᠵᠢᠯ ᠤᠯᠬᠤ ᠨᠣᠷᠮ᠎ᠠ ᠭᠤᠷᠪᠠᠨ ᠵᠢᠯ ᠳᠠᠷᠠᠭᠠᠯᠠᠨ 95% ᠠᠴᠠ ᠳᠡᠭᠡᠭᠰᠢ ᠪᠠᠶᠢᠬᠤ ᠶᠢ ᠪᠠᠲᠤᠯᠠᠪᠠ ︾  ᠂ ︽VR ᠪᠣᠳᠠᠲᠠᠶ ᠪᠣᠯᠪᠠᠰᠤᠷᠠᠯ ᠤᠨ ᠬᠢᠴᠢᠶᠡᠯ  ᠨᠢ ᠰᠤᠷᠤᠭᠴᠢᠳ ᠢ ᠰᠤᠷᠭᠠᠭᠤᠯᠢ ᠳᠤ ᠳᠠᠷᠤᠢ ᠦᠨᠡᠨ ᠪᠣᠳᠠᠲᠠᠶ ᠠᠵᠢᠯ ᠤᠨ ᠪᠠᠶᠢᠳᠠᠯ ᠢ ᠳᠠᠭᠤᠷᠢᠶᠠᠯᠭᠠᠵᠤ ᠳᠡᠶᠢᠯᠦᠨ᠎ᠡ ︾ ᠵᠡᠷᠭᠡ ᠬᠢᠯᠠᠰ ᠴᠡᠭ ᠤᠨ ᠠᠭᠤᠯᠭ᠎ᠠ  ᠨᠢ ᠰᠢᠨᠵᠢᠯᠡᠨ ᠪᠠᠶᠢᠴᠠᠭᠠᠬᠤ ᠪᠦᠯᠬᠦᠮ ᠤᠨ ᠳᠤᠷ᠎ᠠ ᠰᠣᠨᠢᠷᠬᠠᠯ ᠢ ᠲᠠᠲᠠᠪᠠ ᠃ ᠬᠠᠷᠢᠯᠴᠠᠨ ᠰᠣᠯᠢᠯᠴᠠᠬᠤ ᠶᠠᠪᠤᠴᠠ ᠳᠤ᠂ ᠡᠯ᠎ᠡ ᠰᠠᠯᠠᠭ᠎ᠠ ᠮᠥᠴᠢᠷ ᠤᠨ ᠤᠳᠤᠷᠢᠳᠤᠯᠭ᠎ᠠ ᠨᠠᠷ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠴᠢᠳᠠᠪᠤᠷᠢᠲᠠᠨ ᠢ ᠬᠦᠷᠭᠡᠬᠦ᠂ ᠤᠷ᠎ᠠ ᠴᠢᠳᠠᠪᠤᠷᠢ ᠶᠢᠨ ᠪᠣᠯᠪᠠᠰᠤᠷᠠᠯ ᠬᠢᠬᠦ ᠵᠡᠷᠭᠡ ᠵᠥᠪᠯᠡᠬᠦ ᠰᠡᠳᠦᠪ ᠤᠨ ᠲᠤᠬᠠᠢ ᠢᠳᠡᠪᠬᠢᠲᠡᠢ ᠪᠠᠷ ᠠᠰᠠᠭᠤᠯᠲᠠ ᠠᠰᠠᠭᠤᠵᠤ᠂ ᠰᠤᠷᠭᠠᠭᠤᠯᠢ ᠶᠢᠨ ᠲᠠᠯ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠢᠭᠡᠳ ᠨᠢᠭᠡ ᠪᠠᠷ ᠨᠠᠷᠢᠨ ᠨᠢᠭᠲᠠ ᠬᠠᠷᠢᠭᠤᠯᠲᠠ ᠥᠭᠴᠦ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠥᠭᠡᠳ ᠡᠶ᠎ᠡ ᠨᠠᠶᠢᠷᠲᠠᠢ ᠪᠠᠶᠢᠯ᠎ᠠ ᠃
图片4.png
        ᠲᠣᠰ ᠤᠳᠠᠭᠠᠨ ᠤ ᠲᠣᠭᠤᠷᠢᠨ ᠦᠵᠡᠵᠦ ᠰᠣᠯᠢᠯᠴᠠᠬᠤ ᠠᠵᠢᠯᠯᠠᠭ᠎ᠠ ᠨᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠬᠢᠭᠡᠳ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠡᠪᠲᠡᠷᠡᠯᠴᠡᠨ ᠬᠠᠮᠵᠢᠯᠴᠠᠬᠤ ᠬᠥᠭᠦᠷᠭᠡ ᠶᠢ ᠪᠣᠶ ᠪᠣᠯᠭᠠᠵᠤ᠂ ᠲᠠᠷᠠᠭᠠᠴᠢ ᠶᠢᠨ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠬᠦ᠂ ᠨᠠᠷᠢᠯᠢᠭ ᠣᠨᠣᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠵᠦ ᠰᠤᠷᠭᠠᠭᠤᠯᠢ ᠶᠢᠨ ᠬᠥᠭᠵᠢᠯᠲᠡ ᠶᠢ ᠳᠡᠮᠵᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠡᠯ᠎ᠡ ᠰᠠᠯᠠᠭ᠎ᠠ ᠮᠥᠴᠢᠷ ᠤᠨ ᠬᠢᠨ ᠥᠪᠥᠷ ᠮᠣᠩᠭᠤᠯ ᠤᠨ ᠲᠡᠮᠦᠷ ᠵᠠᠮ ᠤᠨ ᠠᠵᠢᠯ ᠮᠡᠷᠭᠡᠵᠢᠯ ᠤᠨ ᠰᠤᠷᠭᠠᠭᠤᠯᠢ ᠲᠠᠢ ᠵᠣᠯᠭᠠᠭᠤᠯᠬᠤ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠡᠬᠢ ᠪᠠᠶᠠᠯᠢᠭ ᠢ ᠨᠡᠶᠢᠳᠬᠡᠵᠦ᠂ ᠦᠢᠯᠡᠴᠢᠯᠡᠭᠡᠨ ᠤ ᠪᠠᠲᠤᠯᠠᠭ᠎ᠠ ᠪᠠᠨ ᠰᠢᠯᠢᠳᠡᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠡᠷᠭᠡᠪᠡᠷ ᠠᠬᠢᠭᠤᠯᠬᠤ ᠶᠢ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ᠂ ᠣᠷᠣᠨ ᠨᠤᠲᠤᠭ ᠤᠨ ᠠᠵᠤ ᠦᠢᠯᠡᠰ ᠤᠨ ᠲᠡᠰ ᠳᠡᠪᠰᠢᠬᠦ ᠳᠤ ᠬᠦᠴᠦᠨ ᠴᠢᠳᠠᠯ ᠢᠶᠠᠨ ᠡᠷᠭᠦᠨ᠎ᠡ ᠃ 
 
ᠢᠷᠡᠯᠲᠡ᠄ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号